| ᠬᠡᠭᠡᠷ᠎ᠡ ᠶᠢᠨ ᠠᠮᠢᠲᠠᠨ ᠤᠷᠭᠤᠮᠠᠯ ᠪᠣᠯ ᠠᠮᠢ ᠠᠬᠤᠢ ᠶᠢᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ | ᠮᠦᠷᠳᠡᠭᠡᠨ ᠪᠠᠶᠢᠭᠠᠯᠢ ᠶᠢᠷᠲᠢᠨᠴᠦ ᠶᠢᠨ ᠬᠤᠪᠣᠷ ᠨᠠᠨᠳᠢᠨ ᠡᠬᠢ ᠪᠠᠶᠠᠯᠢᠭ ᠮᠥᠨ᠃ ᠮᠠᠨ ᠤ ᠬᠤᠲᠠ ᠳᠤ ᠡᠯᠪᠡᠭ | ᠳᠡᠯᠪᠡᠭ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠪᠤᠢ᠂ ᠬᠡᠭᠡᠷ᠎ᠡ ᠶᠢᠨ ᠠᠮᠢᠲᠠᠨ ᠤᠷᠭᠤᠮᠠᠯ ᠢ | ᠬᠠᠮᠠᠭᠠᠯᠠᠬᠤ ᠪᠣᠯ ᠪᠦᠬᠦ ᠬᠥᠮᠥᠨ ᠲᠥᠷᠥᠯᠬᠢᠲᠡᠨ ᠤ ᠬᠠᠮᠲᠤ ᠶᠢᠨ ᠬᠠᠷᠢᠭᠤᠴᠠᠯᠭ᠎ᠠ ᠮᠥᠨ᠂ ᠪᠠᠰᠠ ᠴᠤ ᠣᠢ ᠰᠢᠭᠤᠢ | ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠴᠢᠬᠤᠯᠠ ᠠᠵᠢᠯ ᠤᠨ ᠡᠭᠦᠷᠭᠡ ᠬᠠᠷᠢᠭᠤᠴᠠᠯᠭ᠎ᠠ ᠮᠥᠨ᠃ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠤᠶᠠᠯᠳᠤᠭᠤᠯᠤᠨ᠂ ᠹᠧᠩᠵᠧᠨ ᠬᠤᠲᠠ ᠶᠢᠨ ᠣᠶ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠥᠬᠦ ᠨᠡᠶᠢᠭᠡᠮ ᠳᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | 1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠢ ᠬᠠᠮᠠᠭᠠᠯᠠᠬᠤ ᠳᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠢ | ᠬᠠᠮᠠᠭᠠᠯᠠᠬᠤ ᠶᠢᠨ ᠴᠢᠬᠤᠯᠠ ᠴᠢᠨᠠᠷ ᠢ ᠶᠡᠬᠡᠪᠡᠷ ᠤᠬᠤᠭᠤᠯᠤᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ | ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠤᠨ᠎ᠠ᠃ | 2. ᠬᠡᠭᠡᠷ᠎ᠡ ᠶᠢᠨ ᠠᠮᠢᠲᠠᠨ ᠤᠷᠭᠤᠮᠠᠯ ᠢ ᠬᠠᠶᠢᠷᠠᠯᠠᠨ ᠬᠠᠮᠠᠭᠠᠯᠠᠬᠤ ᠠᠵᠢᠯ ᠢ ᠥᠪᠡᠷ ᠤᠨ ᠪᠡᠶ᠎ᠡ ᠠᠴᠠ ᠪᠠᠨ | ᠡᠬᠢᠯᠡᠨ ᠬᠢᠵᠦ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠯᠠᠵᠦ ᠢᠳᠡᠬᠦ ᠮᠠᠭᠤ ᠳᠠᠳᠬᠠᠯ ᠢ ᠡᠷᠡᠰ ᠠᠷᠢᠯᠭᠠᠨ᠂ | ᠢᠳᠡᠭᠡᠨ ᠤᠮᠳᠠᠭᠠᠨ ᠤ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠤᠯᠭᠠᠨ᠎ᠠ᠃ ᠶᠠᠮᠠᠷᠪᠠ ᠪᠠᠶᠢᠭᠤᠯᠭ᠎ᠠ ᠪᠠ ᠬᠤᠪᠢ | ᠬᠥᠮᠥᠨ ᠤ ᠬᠠᠤᠯᠢ ᠪᠤᠰᠤ ᠪᠠᠷ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠪᠤᠶᠤ ᠲᠡᠭᠦᠨ ᠤ ᠥᠰᠦᠯᠲᠡ ᠶᠢᠨ | ᠣᠷᠴᠢᠨ ᠲᠣᠭᠤᠷᠢᠨ ᠢ ᠡᠪᠳᠡᠬᠦ ᠶᠢ ᠴᠠᠭᠠᠵᠠᠯᠠᠨ᠎ᠠ᠃ | 3. ᠬᠡᠭᠡᠷ᠎ᠡ ᠶᠢᠨ ᠠᠮᠢᠲᠠᠨ ᠲᠠᠢ ᠣᠶᠢᠷᠠᠳᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠡᠭᠡᠷ᠎ᠡ ᠶᠢᠨ ᠠᠮᠢᠲᠠᠨ ᠢ | ᠳᠤᠷ᠎ᠠ ᠪᠠᠷ ᠢᠶᠠᠨ ᠠᠪᠤᠷᠠᠨ ᠲᠤᠰᠠᠯᠠᠬᠤ᠂ ᠲᠡᠵᠢᠭᠡᠬᠦ᠂ ᠪᠤᠯᠠᠬᠤ ᠪᠠ ᠲᠠᠯᠪᠢᠵᠤ ᠭᠠᠷᠭᠠᠬᠤ ᠦᠭᠡᠢ᠂ ᠰᠢᠯᠲᠠᠭᠠᠨ ᠨᠢ | ᠲᠣᠳᠣᠷᠬᠠᠢ ᠦᠭᠡᠢ ᠪᠠᠷ ᠰᠢᠷᠬᠠᠲᠤᠭᠰᠠᠨ᠂ ᠡᠪᠡᠳᠴᠢᠨ ᠲᠠᠢ᠂ ᠦᠬᠦᠭᠰᠡᠨ ᠬᠡᠭᠡᠷ᠎ᠡ ᠶᠢᠨ ᠠᠮᠢᠲᠠᠨ ᠢ ᠣᠯᠵᠤ ᠮᠡᠳᠡᠪᠡᠯ | ᠴᠠᠭ ᠲᠤᠬᠠᠢ ᠳᠤᠨᠢ ᠹᠧᠩᠵᠧᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ | ᠬᠡᠷᠡᠭᠲᠡᠢ᠃ | 4. ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠠᠩᠨᠠᠬᠤ᠂ | ᠫᠠᠨᠽᠠᠯᠠᠬᠤ᠂ ᠵᠥᠭᠡᠭᠡᠪᠦᠷᠢᠯᠡᠬᠦ᠂ ᠡᠵᠡᠩᠨᠡᠨ ᠠᠰᠢᠭᠯᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ | ᠢᠯᠡᠴᠢᠯᠡᠨ ᠮᠡᠳᠡᠭᠦᠯᠬᠦ ᠤᠲᠠᠰᠤ᠄ 0474 ︱ 3212470 | ᠹᠧᠩᠵᠧᠨ ᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | 2022 ᠣᠨ ᠤ 2 ᠰᠠᠷ᠎ᠠ ᠶᠢᠨ 22 ᠤᠨ ᠡᠳᠦᠷ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |