ᠹᠧᠩᠵᠧᠨ ᠬᠤᠲᠠ ᠶᠢᠨ ᠰᠢᠨ ᠹᠧᠩ ᠶᠡᠭᠡ ᠵᠡᠭᠡᠯᠢ ᠶᠢᠨ ᠪᠣᠷᠣᠭᠠᠨ ᠤ ᠤᠰᠤᠨ ᠤ ᠡᠬᠢ ᠰᠤᠷᠪᠤᠯᠵᠢ ᠶᠢ ᠵᠠᠰᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠵᠠᠮ ᠢ ᠪᠢᠲᠡᠭᠦᠮᠵᠢᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/8/16
 ᠥᠷᠭᠡᠨ ᠣᠯᠠᠨ ᠰᠠᠭᠤᠭᠠᠯᠢ ᠠᠷᠠᠳ ᠵᠢᠴᠢ ᠬᠠᠮᠢᠶ᠎ᠠ ᠪᠥᠬᠦᠶ ᠨᠢᠭᠡᠴᠡ ᠳᠤ᠄    ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠦᠨᠡᠨ ᠬᠦ ᠰᠠᠶᠢᠵᠢᠷᠠᠭᠤᠯᠬᠤ ᠶᠢᠨ ᠲᠥᠯᠥᠭᠡ᠂ ᠹᠧᠩᠵᠧᠨ ᠬᠤᠳᠠ ᠶᠢᠨ ᠰᠢᠨ ᠹᠧᠩ ᠶᠡᠭᠡ ᠵᠡᠭᠡᠯᠢ ᠶᠢᠨ ᠪᠣᠷᠣᠭᠠᠨ ᠤ ᠤᠰᠤ ᠶᠢ ᠡᠬᠢ ᠰᠤᠷᠪᠤᠯᠵᠢ ᠠᠴᠠ ᠨᠢ ᠵᠠᠰᠠᠬᠤ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠠᠴᠠ ᠰᠢᠨ ᠹᠧᠩ ᠶᠡᠭᠡ ᠵᠡᠭᠡᠯᠢ ︵ᠪᠸᠢ ᠭᠤᠸᠠᠩ ᠥᠷᠯᠥᠭᠡ ᠶᠢᠨ ᠬᠤᠲᠠ—208 ᠤᠯᠤᠰ ᠤᠨ ᠵᠠᠮ ᠤᠨ ᠬᠡᠰᠡᠭ︶ ᠶᠢᠨ ᠶᠠᠪᠠᠭᠠᠨ ᠬᠥᠮᠦᠨ ᠤ ᠵᠠᠮ ᠢ ᠤᠰᠤ ᠨᠡᠪᠲᠡᠷᠡᠬᠦ ᠪᠧᠲ᠋ᠤᠨ ᠢᠶᠠᠷ ᠳᠡᠪᠢᠰᠦᠬᠦ ᠪᠠᠷ ᠲᠣᠭᠲᠠᠪᠠ᠃ ᠪᠠᠷᠢᠯᠭ᠎ᠠ ᠶᠢᠨ ᠠᠬᠢᠴᠠ ᠪᠠ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠳᠡᠭᠡᠷ᠎ᠡ ᠳᠤᠷᠠᠳᠤᠭᠰᠠᠨ ᠵᠠᠮ ᠤᠨ ᠬᠡᠰᠡᠭ ᠢ ᠬᠡᠰᠡᠭ ᠬᠤᠪᠢᠶᠠᠨ ᠪᠢᠲᠡᠭᠦᠮᠵᠢᠯᠡᠨ ᠪᠠᠷᠢᠬᠤ ᠴᠢᠬᠤᠯᠠᠲᠠᠶ᠂ ᠵᠢᠱᠢᠯᠲᠡ ᠪᠠᠷ ᠪᠢᠲᠡᠭᠦᠮᠵᠢᠯᠡᠨ ᠪᠠᠷᠢᠬᠤ ᠴᠠᠭ ᠨᠢ 2022 ᠣᠨ ᠤ 8 ᠰᠠᠷ᠎ᠠ ᠶᠢᠨ 15 ᠤ ᠡᠳᠦᠷ ᠠᠴᠠ 2022 ᠣᠨ ᠤ 11 ᠰᠠᠷ᠎ᠠ ᠶᠢᠨ 15 ᠤ ᠡᠳᠦᠷ ᠪᠣᠯᠤᠨ᠎ᠠ᠃ ᠵᠠᠮ ᠪᠢᠲᠡᠭᠦᠮᠵᠢᠯᠡᠬᠦ ᠠᠵᠢᠯ ᠢ ᠬᠢᠵᠦ ᠪᠠᠶᠢᠭ᠎ᠠ ᠬᠤᠭᠤᠴᠠᠭᠠᠨ ᠳᠤ ᠨᠠᠰᠢ ᠴᠠᠰᠢ ᠥᠩᠭᠡᠷᠡᠬᠦ ᠲᠡᠷᠭᠡᠨ ᠤ ᠵᠢᠯᠣᠭᠤᠴᠢ᠂ ᠶᠠᠪᠠᠭᠠᠨ ᠬᠥᠮᠦᠨ ᠠᠮᠤᠷ ᠲᠦᠪᠰᠢᠨ ᠢ ᠠᠩᠬᠠᠷᠴᠤ᠂ ᠠᠮᠤᠷ ᠲᠦᠪᠰᠢᠨ ᠢᠶᠠᠷ ᠨᠡᠪᠲᠡᠷᠡᠬᠦ ᠶᠢ ᠪᠠᠲᠤᠯᠠᠬᠤ ᠶᠢ ᠬᠢᠴᠢᠶᠡᠩᠭᠦ᠋ᠢᠯᠡᠨ ᠬᠦᠰᠡᠵᠦ ᠪᠠᠶᠢᠨ᠎ᠠ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ             ᠹᠧᠩᠵᠧᠨ ᠬᠤᠲᠠ ᠶᠢᠨ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ           ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ                       2022 ᠣᠨ ᠤ 8 ᠰᠠᠷ᠎ᠠ ᠶᠢᠨ 15 ᠤ ᠡᠳᠦᠷ            ᠨᠠᠶᠢᠷᠠᠭᠤᠯᠤᠭᠴᠢ᠄ ᠮᠠ ᠬᠤᠶ ︵ᠳᠠᠳᠤᠯᠭ᠎ᠠ︶    ᠤᠷᠴᠢᠭᠤᠯᠤᠬᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3