ᠪᠦᠬᠦ ᠬᠤᠳᠠ ᠶᠢᠨ ᠠᠷᠠᠳ ᠲᠤ ᠥᠭᠭᠦᠭᠰᠡᠨ ᠵᠠᠬᠢᠳᠠᠯ
ᠨᠡᠶᠢᠲᠡᠯᠡᠭᠰᠡᠨ ᠴᠠᠭ᠄
2022/9/23
    ᠡᠷᠬᠢᠮ ᠬᠦᠨᠳᠦᠲᠦ ᠬᠤᠳᠠ ᠶᠢᠨ ᠠᠷᠠᠳ ᠤᠳ ᠠ᠋᠄    ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠤᠲᠠ ᠶᠢᠨ ᠦᠷ᠎ᠡ ᠪᠦᠲᠦᠭᠡᠯ ᠢ  ᠪᠠᠬᠢᠵᠢᠭᠦᠯᠦᠨ᠂ ᠢᠳᠡᠭᠡᠨ ᠤ ᠠᠮᠤᠷ ᠲᠦᠪᠰᠢᠨ ᠤ ᠬᠤᠲᠠ᠂ ᠪᠣᠯᠪᠠᠰᠤᠨ ᠬᠤᠲᠠ ᠶᠢᠨ ᠠᠵᠢᠯ ᠢ ᠡᠭᠦᠳᠦᠨ ᠪᠠᠶᠢᠭᠤᠯᠵᠤ᠂ ᠡᠪᠡᠳᠴᠢᠨ ᠤ ᠵᠠᠭᠤᠴᠢ ᠶᠢᠨ ᠠᠮᠢᠳᠤ ᠪᠣᠳᠠᠰ ᠢ ᠰᠡᠷᠭᠡᠶᠢᠯᠡᠨ ᠵᠠᠰᠠᠬᠤ ︵ᠳᠥᠷᠪᠡᠨ ᠬᠤᠣᠷ ᠢ ᠠᠷᠢᠯᠭᠠᠬᠤ︶ ᠶᠢᠨ ᠲᠦᠯᠦᠭᠡ᠂ ᠪᠠᠶᠢᠩᠭᠤ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠨ᠂ ᠬᠠᠯᠳᠠᠪᠤᠷᠢᠲᠤ ᠡᠪᠡᠳᠴᠢᠨ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠪᠠᠲᠠᠭᠠᠨ᠎ᠠ᠂ ᠢᠯᠠᠭ᠎ᠠ᠂ ᠬᠤᠯᠤᠭᠠᠨ᠎ᠠ᠂ ᠵᠣᠥᠮ᠎ᠠ ᠶᠢᠨ ᠪᠠᠺᠲ᠋ᠧᠷᠢ ᠶᠢ ᠳᠠᠮᠵᠢᠭᠤᠯᠬᠤ  ᠶᠢ ᠪᠠᠭᠠᠰᠬᠠᠨ᠂ ᠬᠤᠣᠷ ᠬᠥᠨᠥᠭᠡᠯ ᠢ ᠠᠷᠢᠯᠭᠠᠵᠤ᠂ ᠠᠷᠠᠳ ᠲᠦᠮᠡᠨ ᠤ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠲᠣᠭᠤᠷᠢᠨ ᠢ ᠪᠠᠲᠤᠯᠠᠨ᠎ᠠ᠃    ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠢᠯᠡ ᠪᠠᠷ ᠥᠷᠢᠰᠦᠯᠳᠦᠬᠦ ᠪᠠᠷ ᠳᠡᠮᠵᠢᠨ᠂ ᠤᠯᠠᠭᠠᠨᠴᠠᠪ ᠬᠤᠲᠠ ᠶᠢᠨ ᠮᠧᠩ ᠺᠠᠩ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠰᠢᠯᠢᠨ ᠰᠣᠩᠭᠤᠵᠤ ᠪᠥᠬᠦ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠮᠨᠡᠯᠭᠡ ᠶᠢᠨ ᠬᠤᠷᠢᠶ᠎ᠠ᠂ ᠭᠠᠯᠲᠤ ᠲᠡᠷᠭᠡᠨ ᠤ ᠥᠷᠲᠡᠭᠡ᠂ ᠢᠳᠡᠭᠡᠨ ᠤᠮᠳᠠᠭᠠᠨ ᠤ ᠪᠠᠭᠤᠳᠠᠯ᠂ ᠢᠳᠡᠭᠡᠨ ᠤ ᠦᠢᠯᠡᠳᠪᠦᠷᠢᠯᠡᠯ ᠤᠨ ᠬᠦᠷᠢᠶᠡᠯᠡᠩ ᠲᠣᠭᠤᠷᠢᠭ᠂ ᠢᠳᠡᠭᠡᠨ ᠤ ᠵᠢᠱᠢᠶ᠎ᠡ ᠦᠵᠡᠭᠦᠯᠬᠦ ᠵᠡᠭᠡᠯᠢ᠂ ᠴᠡᠴᠡᠷᠯᠢᠭ᠂ ᠭᠤᠣᠯ ᠤᠨ ᠵᠠᠮ ᠤᠨ ᠤᠰᠤᠨ ᠴᠣᠭᠴᠠ᠂ ᠨᠡᠶᠢᠲᠡ ᠶᠢᠨ ᠵᠣᠷᠯᠣᠩ᠂ ᠬᠤᠭ ᠨᠣᠪᠰᠢ ᠳᠠᠮᠵᠢᠭᠤᠯᠬᠤ ᠥᠷᠲᠡᠭᠡ᠂ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ᠂ ᠵᠡᠭᠡᠯᠢ ᠳᠠᠭᠠᠤ ᠶᠢᠨ ᠪᠣᠬᠢᠷ ᠤᠰᠤᠨ ᠤ ᠠᠮᠠᠰᠠᠷ ᠵᠢᠴᠢ ᠬᠤᠭ ᠤᠨ ᠰᠠᠪᠠ ︵ᠵᠢᠮᠢᠰ ᠤᠨ ᠠᠷᠠᠰᠤᠨ ᠬᠠᠶᠢᠷᠴᠠᠭ︶ ᠵᠡᠷᠭᠡ ᠣᠷᠣᠨ ᠪᠦᠰᠡ ᠶᠢᠨ ᠬᠡᠪᠴᠢᠶᠡᠨ ᠳᠤ ᠡᠪᠡᠳᠴᠢᠨ ᠤ ᠬᠠᠯᠳᠠᠪᠤᠷᠢᠯᠠᠬᠴᠢ ᠶᠢ ᠤᠰᠠᠳᠬᠠᠨ᠎ᠠ᠃ ᠤᠰᠠᠳᠬᠠᠬᠤ ᠶᠠᠪᠤᠴᠠ ᠳᠤ ᠺᠣᠮᠫᠠᠨᠢ ᠠᠴᠠ ᠣᠷᠴᠢᠨ ᠲᠣᠭᠤᠷᠢᠨ ᠢ ᠵᠠᠰᠠᠬᠤ᠂ ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ ᠪᠠ ᠬᠢᠮᠢ ᠶᠢᠨ ᠠᠷᠭ᠎ᠠ ᠪᠠᠷ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠠᠷᠭ᠎ᠠ ᠪᠠᠷ ᠳᠦᠷᠪᠡᠨ ᠬᠤᠤᠷᠳᠠᠨ ᠢ ᠤᠰᠠᠳᠬᠠᠨ᠎ᠠ᠂ ᠲᠤᠰ ᠠᠵᠢᠯ ᠢ ᠰᠠᠶᠢᠲᠤᠷ ᠶᠠᠪᠤᠭᠳᠠᠭᠤᠯᠬᠤ ᠶᠢᠨ ᠲᠥᠯᠥᠭᠡ ᠮᠠᠨ ᠤ ᠵᠥᠪᠯᠡᠯ ᠠᠴᠠ ᠪᠦᠬᠦ ᠬᠤᠳᠠ ᠶᠢᠨ ᠠᠷᠠᠳ ᠲᠤ ᠳᠣᠣᠷᠠᠬᠢ ᠬᠡᠳᠦᠨ ᠲᠠᠯ᠎ᠠ ᠶᠢ ᠰᠠᠨᠠᠭᠤᠯᠤᠶ᠎ᠠ᠄    1. ᠤᠰᠠᠳᠬᠠᠬᠤ ᠴᠠᠭ᠄ 9 ᠰᠠᠷ᠎ᠠ ᠶᠢᠨ 18 ᠤ ᠡᠳᠦᠷ ᠠᠴᠠ 10 ᠰᠠᠷ᠎ᠠ ᠶᠢᠨ 18 ᠤ ᠡᠳᠦᠷ ᠪᠤᠯᠳᠠᠯ᠎ᠠ 30 ᠡᠳᠦᠷ ᠤᠨ ᠬᠤᠭᠤᠴᠠᠭ᠎ᠠ ᠲᠠᠢ︔    2. ᠠᠯᠠᠵᠤ ᠬᠢᠳᠤᠬᠤ ᠶᠠᠪᠤᠴᠠ ᠳᠤ ᠬᠤᠯᠤᠭᠠᠨ᠎ᠠ ᠠᠴᠠ ᠰᠡᠷᠭᠡᠶᠢᠯᠡᠬᠦ ᠬᠠᠶᠢᠷᠴᠠᠭ ᠲᠠᠯᠪᠢᠵᠤ ᠬᠡᠰᠡᠭ ᠬᠤᠯᠤᠭᠠᠨ᠎ᠠ  ᠶᠢᠨ ᠥᠭᠶᠥᠭᠡ ᠲᠠᠯᠪᠢᠬᠤ ᠶᠢᠨ ᠬᠠᠮᠲᠤ ᠰᠡᠷᠡᠮᠵᠢ ᠶᠢᠨ ᠲᠡᠮᠳᠡᠭ ᠨᠠᠭᠠᠨ᠎ᠠ᠂ ᠬᠤᠲᠠ ᠶᠢᠨ ᠠᠷᠠᠳ ᠨᠠᠶᠢᠵᠠ ᠨᠠᠷ ᠬᠡᠦᠬᠡᠳ ᠢᠶᠠᠨ ᠰᠠᠶᠢᠲᠤᠷ ᠠᠩᠬᠠᠷᠴᠤ᠂ ᠭᠠᠷ ᠢᠶᠠᠷ ᠢᠶᠠᠨ  ᠬᠦᠷᠦᠯᠴᠡᠬᠦ ᠠᠴᠠ ᠵᠠᠶᠢᠯᠠᠰᠬᠢᠵᠦ᠂ ᠠᠳᠡᠭᠦᠷᠡᠨ ᠢᠳᠡᠬᠦ ᠪᠤᠶᠤ ᠪᠤᠰᠤᠳ ᠰᠢᠯᠲᠠᠭᠠᠨ ᠠᠴᠠ ᠪᠣᠯᠵᠤ ᠬᠡᠷᠡᠭ ᠦᠭᠡᠢ ᠭᠡᠮᠲᠦᠯ ᠪᠠ ᠬᠤᠬᠢᠷᠠᠯ ᠭᠠᠷᠬᠤ ᠠᠴᠠ ᠰᠡᠷᠭᠡᠶᠢᠯᠡᠬᠦ ᠶᠢ ᠠᠩᠬᠠᠷᠬᠤ ᠬᠡᠷᠡᠭᠳᠡᠢ︔    3. ᠮᠠᠰᠢᠨ ᠢ ᠠᠵᠢᠯᠯᠠᠭᠤᠯᠬᠤ ᠦᠶ᠎ᠡ ᠳᠤ ᠵᠣᠬᠢᠬᠤ ᠬᠡᠮᠵᠢᠶᠡᠨ ᠤ ᠱᠤᠤᠭᠢᠶ᠎ᠠ ᠲᠡᠭᠤ ᠭᠠᠷᠳᠠᠬ ᠤᠴᠢᠷ ᠠᠴᠠ ᠪᠢᠳᠠ ᠠᠯᠢ ᠴᠢᠳᠠᠬᠤ ᠪᠠᠷ ᠠᠮᠠᠷᠠᠯᠲᠠ ᠶᠢᠨ ᠴᠠᠭ ᠠᠴᠠ ᠵᠠᠶᠢᠯᠠᠵᠤ ᠠᠵᠢᠯᠯᠠᠨ᠎ᠠ︔    4. ᠡᠮ ᠰᠦᠷᠴᠢᠬᠦ ᠦᠶ᠎ᠡ ᠳᠤ ᠪᠠᠭ᠎ᠠ ᠬᠡᠮᠵᠢᠶᠡᠨ ᠤ ᠤᠲᠤᠭ᠎ᠠ ᠤᠨᠢᠶᠠᠷ ᠤᠨ ᠦᠨᠦᠷ ᠲᠠᠢ ᠪᠠᠶᠢᠳᠠᠭ ᠪᠣᠯᠪᠠᠴᠤ ᠮᠠᠰᠢ ᠲᠦᠷᠭᠡᠨ ᠢᠶᠠᠷ ᠠᠷᠢᠯᠳᠠᠭ᠂ ᠬᠤᠲᠠ ᠶᠢᠨ ᠠᠷᠠᠳ ᠲᠠ ᠪᠦᠬᠦᠨ ᠰᠠᠨᠠᠭ᠎ᠠ ᠵᠣᠪᠠᠭ᠋ᠤ ᠬᠡᠷᠡᠭ ᠦᠭᠡᠢ︔    5. ᠠᠯᠠᠵᠤ ᠬᠢᠳᠤᠬᠤ ᠲᠤᠬᠠᠢ ᠶᠢᠨ ᠲᠠᠯᠠᠪᠤᠷ ᠲᠤ᠂ ᠬᠤᠲᠠ ᠶᠢᠨ ᠠᠷᠠᠳ ᠨᠠᠶᠢᠵᠠ ᠨᠠᠷ ᠠᠵᠢᠯ ᠤᠨ ᠲᠤᠬᠠᠢ ᠶᠢᠨ ᠲᠠᠯᠠᠪᠤᠷ ᠲᠤ ᠤᠶᠢᠷᠠᠳᠬᠤ ᠦᠬᠡᠢ ᠪᠠᠶᠢᠵᠤ᠂ ᠰᠠᠨᠠᠭᠠᠨ ᠳᠤ ᠦᠭᠡᠢ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ︔    ᠪᠦᠬᠦ ᠬᠤᠳᠠ ᠶᠢᠨ ᠠᠷᠠᠳ ᠤᠨ ᠮᠠᠨ ᠤ ᠬᠤᠷᠢᠶᠠᠨ ᠤ ᠠᠵᠢᠯ ᠢ ᠲᠡᠮᠵᠢᠵᠦ ᠣᠶᠢᠯᠠᠭᠠᠭᠰᠠᠨ ᠳᠤ ᠲᠠᠯᠠᠷᠬᠠᠵᠤ ᠪᠠᠶᠢᠨ᠎ᠠ᠂ ᠲᠠᠨ ᠳᠤ ᠶᠠᠷᠰᠢᠭ ᠲᠦᠪᠡᠭ ᠤᠴᠠᠷᠠᠭᠤᠯᠤᠭᠰᠠᠨ ᠢ ᠠᠭᠤᠴᠢᠯᠠᠬᠤ ᠶᠢ ᠬᠢᠴᠢᠶᠡᠩᠭᠦᠶᠢᠯᠡᠨ ᠬᠦᠰᠡᠵᠦ ᠪᠠᠶᠢᠨ᠎ᠠ ᠂ ᠲᠠ ᠪᠣᠯᠣᠨ ᠲᠠᠨ ᠤ ᠭᠡᠷ ᠤᠨ ᠬᠥᠮᠥᠰ ᠤᠨ ᠠᠮᠢᠳᠤᠷᠠᠯ ᠪᠠᠶᠠᠷ ᠬᠥᠷ ᠲᠠᠢ ᠪᠠᠶᠢᠬᠤ ᠶᠢ ᠵᠦᠩᠨᠡᠶ᠎ᠡ︕   ᠡᠭᠦᠨ᠎ᠡ ᠣᠨᠴᠠᠭᠠᠶᠢᠯᠠᠨ ᠰᠠᠨᠠᠭᠤᠯᠤᠶ᠎ᠠ︕           ᠹᠧᠩᠵᠧᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ                      2022 ᠣᠨ ᠤ 9 ᠰᠠᠷ᠎ᠠ ᠶᠢᠨ 18 ᠤ ᠡᠳᠦᠷ     ᠤᠷᠴᠢᠭᠤᠯᠤᠭᠴᠢ᠄ ᠬᠠᠨ ᠰᠢᠶᠤᠣ ᠿᠦᠩ     ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3