| ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠳᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ᠄ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠤᠨ᠂ | ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ | ᠠᠬᠢᠭᠤᠯᠵᠤ᠂ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠤᠨ ᠬᠤᠯᠪᠣᠭᠳᠠᠯ | ᠪᠦᠬᠦᠢ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ︽ᠹᠧᠩᠵᠧᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠤᠨ ᠭᠠᠷᠴᠠᠭ︾ ᠢ ᠨᠡᠶᠢᠲᠡᠯᠡᠪᠡ᠂ ᠡᠯ᠎ᠡ ᠳᠠᠭᠠᠭᠠᠨ ᠭᠦᠢᠴᠡᠳᠬᠡᠬᠦ ᠨᠢᠭᠡᠴᠡ ᠨᠦᠭᠦᠳ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠳᠠᠭᠠᠯᠳᠤᠭᠤᠯᠤᠯ᠄ | 1. ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ | 2. ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠬᠦᠷᠢᠶ᠎ᠡ | ᠬᠡᠪᠴᠢᠶ᠎ᠡ | 2023 ᠣᠨ ᠤ 5 ᠰᠠᠷ᠎ᠠ ᠶᠢᠨ 8 ᠤ ᠡᠳᠦᠷ | ᠳᠠᠭᠠᠯᠳᠤᠭᠤᠯᠤᠯ 1᠄ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠤᠨ ᠭᠠᠷᠴᠠᠭ | 1. ︽ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠹᠧᠩᠵᠧᠨ ᠬᠤᠲᠠ | ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ︾ | 2. ︽ᠹᠧᠩᠵᠧᠨ ᠬᠤᠲᠠ ᠶᠢᠨ ᠲᠠᠷᠢᠶᠠᠯᠠᠩ ᠤᠨ ᠤᠰᠤᠨ ᠤ ᠰᠦᠢᠳᠬᠡᠯ ᠢ ᠲᠠᠲᠠᠪᠤᠷᠢᠯᠠᠨ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ | 3. ︽ᠹᠧᠩᠵᠧᠨ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ︵2021 — 2035︶︾ | 4. ︽ᠹᠧᠩᠵᠧᠨ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠬᠡᠷᠡᠭᠵᠢᠭᠦᠯᠬᠦ ᠨᠠᠷᠢᠨ ᠳᠦᠷᠢᠮ︾ | 5. ︽ᠹᠧᠩᠵᠧᠨ ᠬᠤᠲᠠ ᠶᠢᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠲᠤᠰᠬᠠᠢ | ᠲᠥᠯᠦᠪᠵᠢᠭᠦᠯᠭᠡ︾ ︵2021 — 2025︶ | 6. ︽ᠹᠧᠩᠵᠧᠨ ᠬᠤᠲᠠ ᠶᠢᠨ ᠳᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠳᠥᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠲᠥᠰᠥᠯ︾᠃ | ᠳᠠᠭᠠᠯᠳᠤᠭᠤᠯᠤᠯ 2᠄ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠵᠦᠢᠯᠡᠰ ᠤᠨ ᠬᠦᠷᠢᠶ᠎ᠡ ᠬᠡᠪᠴᠢᠶ᠎ᠡ | 1. ᠣᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ | ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠴᠢᠬᠤᠯᠠ ᠶᠡᠭᠡ ᠣᠯᠠᠨ ᠨᠡᠶᠢᠲᠡ ᠶᠢᠨ | ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ | 2. ᠠᠵᠤ ᠠᠬᠤᠢ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠦᠪᠵᠢᠭᠦᠯᠭᠡ ᠶᠢ | ᠲᠣᠭᠲᠠᠭᠠᠨ᠎ᠠ︔ | 3. ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ | ᠬᠠᠮᠠᠭᠠᠯᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ | | 4. ᠲᠤᠰ ᠵᠠᠰᠠᠭ ᠵᠠᠬᠢᠷᠭᠠᠨ ᠤ ᠣᠷᠣᠨ ᠳᠤ ᠬᠡᠷᠡᠭᠵᠢᠭᠦᠯᠬᠦ ᠪᠠᠷ ᠲᠣᠭᠲᠠᠭᠠᠭᠰᠠᠨ ᠤᠯᠠᠨ ᠨᠡᠶᠢᠲᠡ ᠶᠢᠨ | ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠵᠦᠢᠯᠡᠰ︔ | 5. ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠤᠯᠠᠨ | ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |