︽ᠹᠧᠩᠵᠧᠨ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/12
      ᠨᠢᠭᠡ᠂ ᠲᠣᠭᠲᠠᠭᠠᠭᠰᠠᠨ ᠠᠬᠤᠢ ᠪᠠᠶᠢᠳᠠᠯ ᠪᠠ ᠦᠨᠳᠦᠰᠦᠯᠡᠯ    ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠡᠵᠡᠩᠨᠡᠯᠲᠡ ᠬᠠᠮᠢᠶᠠᠷᠤᠯᠲᠠ ᠪᠣᠯ ᠨᠢᠭᠡ ᠵᠦᠢᠯ ᠤᠨ ᠤᠷᠲᠤ ᠬᠤᠭᠤᠴᠠᠭᠠᠨ ᠤ ᠦᠷᠭᠦᠯᠵᠢᠯᠡᠭᠰᠡᠨ ᠠᠵᠢᠯ ᠪᠣᠯᠣᠨ᠎ᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠵᠢᠷᠤᠮᠵᠢᠭᠤᠯᠤᠨ ᠰᠠᠶᠢᠲᠤᠷ ᠬᠢᠬᠦ ᠶᠢᠨ ᠲᠥᠯᠥᠭᠡ᠂ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠪᠴᠢᠯᠡᠨ ᠬᠥᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠂ ︽︿ᠤᠯᠠᠭᠠᠨᠴᠠᠪ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠶᠢ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠹᠧᠩᠵᠧᠨ ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠪᠠ     ᠬᠤᠶᠠᠷ᠂ ᠲᠥᠰᠥᠯ ᠢ ᠲᠤᠭᠤᠷᠪᠢᠭᠰᠠᠨ ᠶᠠᠪᠤᠴᠠ    ︽ᠹᠧᠩᠵᠧᠨ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠲᠤᠭᠤᠷᠪᠢᠬᠤ ᠶᠠᠪᠤᠴᠠ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠲᠣᠰ ᠲᠣᠰ ᠰᠣᠨᠣᠰᠤᠭᠰᠠᠨ ᠪᠥᠭᠡᠳ ᠡᠯ᠎ᠡ ᠰᠠᠯᠠᠭ᠎ᠠ ᠮᠥᠴᠢᠷ ᠤᠨ ᠰᠠᠨᠠᠯ ᠢ ᠦᠨᠳᠦᠰᠦᠯᠡᠨ ᠣᠯᠠᠨ ᠤᠳᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠴᠦᠰ ᠤᠨ ᠡᠬᠡ ᠨᠣᠣᠷᠠᠭ ᠢ ᠪᠣᠶ ᠪᠣᠯᠭᠠᠪᠠ᠃ ᠡᠭᠦᠨ ᠤ ᠬᠠᠮᠲᠤ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠢᠶᠠᠷ ᠬᠢᠨᠠᠨ ᠶᠠᠷᠢᠯᠴᠠᠭᠤᠯᠵᠤ ᠪᠠᠲᠤᠯᠠᠭᠤᠯᠤᠭᠰᠠᠨ ᠤ ᠳᠠᠷᠠᠭ᠎ᠠ ᠡᠬᠢᠯᠡᠨ ᠬᠡᠷᠡᠭᠵᠢᠭᠦᠯᠪᠡ᠃     ᠭᠤᠷᠪᠠ᠂ ᠲᠥᠰᠥᠯ ᠤᠨ ᠭᠤᠣᠯ ᠠᠭᠤᠯᠭ᠎ᠠ ᠶᠢᠨ ᠲᠣᠳᠣᠷᠬᠠᠶᠢᠯᠠᠯᠲᠠ    ︽ᠨᠠᠷᠢᠨ ᠳᠦᠷᠢᠮ︾ ᠤᠨ ᠠᠭᠤᠯᠭ᠎ᠠ ᠨᠢ ᠭᠤᠣᠯᠳᠠᠭᠤ ᠲᠦᠷᠢᠶᠡᠰᠦᠯᠡᠬᠦ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ᠂ ᠲᠦᠷᠢᠶᠡᠰᠦᠯᠡᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠲᠦᠷᠢᠶᠡᠰᠦᠯᠡᠬᠦ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ᠂ ᠣᠷᠣᠬᠤ ᠶᠢ ᠵᠥᠪᠰᠢᠶᠡᠷᠡᠬᠦ ᠪᠠᠷ ᠭᠤᠶᠤᠴᠢᠯᠠᠬᠤ ᠨᠥᠬᠦᠴᠡᠯ᠂ ᠲᠦᠷᠢᠶᠡᠰᠦᠯᠡᠬᠦ ᠣᠷᠣᠨ ᠰᠠᠭᠤᠴᠠ ᠶᠢᠨ ᠭᠤᠶᠤᠴᠢᠯᠠᠯ ᠢ ᠬᠢᠨᠠᠨ ᠵᠥᠪᠰᠢᠶᠡᠷᠡᠬᠦ ᠶᠠᠪᠤᠴᠠ ᠂ ᠲᠦᠷᠢᠶᠡᠰᠦᠯᠡᠬᠦ ᠣᠷᠣᠨ ᠰᠠᠭᠤᠴᠠ ᠶᠢ ᠪᠤᠴᠠᠭᠠᠨ ᠭᠠᠷᠭᠠᠬᠤ ᠬᠠᠮᠢᠶᠠᠷᠤᠯᠲᠠ᠂ ᠠᠵᠢᠯ ᠤᠨ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠳᠡᠭᠡᠷᠡᠬᠢ ᠨᠠᠢᠮᠠᠨ ᠲᠠᠯ᠎ᠠ ᠪᠠᠷ ᠪᠦᠷᠢᠯᠳᠦᠨ᠎ᠡ᠄    ︵ᠨᠢᠭᠡ︶ ᠲᠦᠷᠢᠶᠡᠰᠦᠯᠡᠬᠦ ᠣᠷᠣᠨ ᠰᠠᠭᠤᠴᠠ ᠶᠢᠨ ᠪᠠᠲᠤᠯᠠᠭ᠎ᠠ ᠶᠢᠨ ᠡᠲᠡᠭᠡᠳ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠤᠣᠯᠳᠠᠭᠤ ᠮᠠᠨ ᠤ ᠬᠤᠲᠠ ᠶᠢᠨ ᠬᠤᠲᠠ ᠪᠠᠯᠭᠠᠰᠤᠨ ᠳᠤ ᠥᠪᠡᠷ ᠤᠨ ᠣᠷᠣᠨ ᠰᠠᠭᠤᠴᠠ ᠦᠭᠡᠢ ᠰᠢᠨ᠎ᠡ ᠬᠤᠲᠠ ᠶᠢᠨ ᠠᠷᠠᠳ᠂ ᠰᠢᠨ᠎ᠡ ᠵᠠᠯᠠᠭᠤᠴᠤᠳ ᠵᠡᠷᠭᠡ ᠬᠠᠮᠲᠤᠯᠢᠭ ᠲᠤ ᠬᠠᠨᠳᠤᠭᠤᠯᠵᠤ᠂ ᠰᠢᠨ᠎ᠡ ᠪᠠᠷ ᠠᠵᠢᠯ ᠣᠯᠣᠭᠰᠠᠨ ᠣᠶᠤᠲᠠᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠲᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠲᠠᠨ ᠠᠵᠢᠯᠴᠢᠨ ᠵᠡᠷᠭᠡ ᠬᠠᠮᠲᠤᠯᠢᠭ ᠢ ᠪᠠᠭᠲᠠᠭᠠᠨ᠎ᠠ᠃    ︵ᠬᠤᠶᠠᠷ︶ ᠲᠦᠷᠢᠶᠡᠰᠦᠯᠡᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠃ ᠣᠷᠣᠨ ᠰᠠᠭᠤᠴᠠ ᠶᠢᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠠᠷᠢᠯᠭ᠎ᠠ ᠶᠢᠨ ᠲᠠᠯᠠᠪᠠᠶ ᠨᠢ 70 ᠲᠡᠭᠰᠢ ᠳᠥᠷᠪᠡᠯᠵᠢᠨ ᠮᠧᠲᠷ ᠠᠴᠠ ᠬᠡᠲᠦᠷᠡᠬᠦ ᠦᠭᠡᠢ ᠵᠢᠵᠢᠭ ᠭᠡᠷ ᠪᠠᠶᠢᠰᠢᠩ ᠢᠶᠠᠷ ᠭᠤᠣᠯ ᠪᠣᠯᠭᠠᠵᠤ᠂ ᠪᠠᠶᠢᠷᠢ ᠶᠢᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 30 ︱ 50 ᠲᠡᠭᠰᠢ ᠳᠥᠷᠪᠡᠯᠵᠢᠨ ᠮᠧᠲᠷ ᠢᠶᠠᠷ ᠭᠤᠣᠯ ᠪᠣᠯᠭᠠᠨ᠎ᠠ᠃ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠲᠥᠪᠯᠡᠷᠡᠩᠭᠦᠢ ᠮᠠᠶ᠋ᠢᠭ ᠤᠨ ᠲᠦᠷᠢᠶᠡᠰᠦᠯᠡᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷᠢᠮᠵᠢᠶ᠎ᠠ ᠶᠢᠨ ᠲᠤᠬᠠᠢ ᠮᠡᠳᠡᠭᠳᠡᠯ ︾ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ ᠨᠢᠭᠡᠨᠲᠡ ᠪᠠᠷᠢᠯᠭ᠎ᠠ ᠶᠢᠨ ᠠᠵᠢᠯ ᠡᠬᠢᠯᠡᠭᠦᠯᠦᠭᠰᠡᠨ ᠪᠤᠶᠤ ᠣᠲᠣ ᠶᠢᠨ ᠪᠠᠶᠢᠭ᠎ᠠ ᠪᠠᠶᠢᠭᠤᠯᠤᠭᠰᠠᠨ ᠣᠷᠣᠨ ᠰᠠᠭᠤᠴᠠ ᠪᠠᠷ ᠳᠠᠮᠵᠢᠭᠤᠯᠤᠨ ᠬᠤᠪᠢᠷᠠᠭᠤᠯᠤᠭᠰᠠᠨ ᠪᠠᠶᠢᠪᠠᠯ᠂ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ ᠶᠢ ᠵᠣᠬᠢᠰᠲᠠᠢ ᠠᠭᠤᠵᠢᠭᠤ ᠲᠠᠯᠪᠢᠵᠤ ᠪᠣᠯᠣᠨ᠎ᠠ᠃    ︵ᠭᠤᠷᠪᠠ︶ ᠲᠦᠷᠢᠶᠡᠰᠦᠯᠡᠬᠦ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢ ᠠᠳᠠᠯᠢ ᠭᠠᠵᠠᠷ ᠤᠨ ᠬᠡᠰᠡᠭ ᠤᠨ ᠠᠳᠠᠯᠢ ᠴᠢᠨᠠᠷ ᠴᠢᠨᠰᠠᠭ᠎ᠠ ᠲᠠᠢ ᠵᠠᠬ᠎ᠠ ᠳᠡᠯᠭᠡᠭᠦᠷ ᠤᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠵᠢᠯᠤᠭᠤᠳᠬᠤ ᠦᠨ᠎ᠡ ᠶᠢᠨ 70 % ᠠᠴᠠ ᠥᠨᠳᠥᠷ ᠪᠠᠶᠢᠯᠭᠠᠵᠤ ᠪᠣᠯᠬᠤ ᠦᠭᠡᠢ᠃ ᠪᠣᠳᠠᠲᠠᠢ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ ᠠᠳᠠᠯᠢ ᠪᠤᠰᠤ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ᠂ ᠠᠳᠠᠯᠢ ᠪᠤᠰᠤ ᠲᠥᠷᠥᠯ ᠵᠦᠢᠯ ᠳᠤ ᠴᠢᠭᠯᠡᠭᠦᠯᠦᠨ᠂ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠪᠤᠶᠤ ᠡᠵᠡᠩᠨᠡᠯᠲᠡ ᠬᠠᠮᠢᠶᠠᠷᠤᠯᠲᠠ ᠶᠢᠨ ᠭᠤᠣᠯ ᠴᠣᠭᠴᠠ ᠠᠴᠠ ᠲᠥᠷᠥᠯ ᠵᠦᠢᠯ ᠤᠨ ᠥᠪᠡᠷ ᠤᠨ ᠥᠷᠲᠡᠭ᠂ ᠲᠦᠷᠢᠶᠡᠰᠦᠯᠡᠨ ᠰᠠᠭᠤᠬᠤ ᠡᠲᠡᠭᠡᠳ ᠲᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠵᠡᠷᠭᠡ ᠬᠦᠴᠦᠨ ᠵᠦᠢᠯ ᠲᠠᠢ ᠤᠶᠠᠯᠳᠤᠭᠤᠯᠵᠤ᠂ ᠲᠦᠷᠢᠶᠡᠰᠦᠨ ᠮᠥᠩᠭᠦ ᠶᠢᠨ ᠪᠠᠷᠢᠮᠵᠢᠶ᠎ᠠ ᠶᠢ ᠲᠥᠷᠥᠯ ᠬᠤᠪᠢᠶᠠᠨ ᠲᠣᠭᠲᠠᠭᠠᠬᠤ ᠶᠢᠨ ᠬᠠᠮᠲᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠪᠠᠲᠤᠯᠠᠭ᠎ᠠ ᠶᠢᠨ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠪᠠᠶᠢᠳᠠᠯ ᠳᠣᠣᠷ᠎ᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠪᠠᠷ ᠨᠡᠶᠢᠭᠡᠮ ᠳᠤ ᠲᠦᠷᠢᠶᠡᠰᠦᠯᠡᠭᠦᠯᠵᠦ ᠪᠣᠯᠣᠨ᠎ᠠ᠃    ︵ᠳᠥᠷᠪᠡ︶ ᠵᠥᠪᠰᠢᠶᠡᠷᠡᠨ ᠣᠷᠣᠭᠤᠯᠬᠤ ᠶᠢ ᠭᠤᠶᠤᠴᠢᠯᠠᠬᠤ ᠨᠥᠬᠦᠴᠡᠯ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠠᠴᠠ ᠪᠢᠰᠢ ᠬᠤᠳᠠᠯᠳᠤᠬᠤ ᠦᠭᠡᠢ᠂ ᠵᠥᠪᠰᠢᠶᠡᠷᠡᠨ ᠣᠷᠣᠭᠤᠯᠬᠤ ᠪᠠᠷ ᠭᠤᠶᠤᠴᠢᠯᠠᠬᠤ ᠳᠤ ᠣᠷᠣᠯᠭ᠎ᠠ ᠶᠢᠨ ᠬᠢᠵᠠᠭᠠᠷᠯᠠᠯ ᠲᠣᠭᠲᠠᠭᠠᠬᠤ ᠦᠭᠡᠢ᠂ ᠬᠠᠮᠤᠭ ᠤᠨ ᠣᠷᠳᠣ ᠲᠦᠷᠢᠶᠡᠰᠦᠯᠡᠬᠦ ᠵᠢᠯ ᠬᠤᠭᠤᠴᠠᠭ᠎ᠠ ︵3 ︱ 5 ᠵᠢᠯ︶ ᠲᠣᠭᠲᠠᠭᠠᠵᠤ ᠪᠣᠯᠣᠨ᠎ᠠ᠃ ᠡᠷᠦᠬᠡ ᠠᠮᠠ ᠶᠢᠨ ᠬᠠᠷᠢᠶ᠎ᠠ ᠶᠢᠨ ᠪᠤᠰᠤ ᠪᠠᠶᠢᠩᠭᠤ ᠰᠠᠭᠤᠭ᠎ᠠ ᠬᠥᠮᠥᠨ ᠠᠮᠠ ᠪᠠ ᠰᠢᠨ᠎ᠡ ᠪᠠᠷ ᠠᠵᠢᠯ ᠣᠯᠣᠭᠰᠠᠨ ᠣᠶᠤᠲᠠᠳ ᠵᠡᠷᠭᠡ ᠳᠤ ᠬᠠᠨᠳᠤᠭᠤᠯᠤᠨ ᠂ ᠭᠤᠣᠯᠳᠠᠭᠤ ᠰᠢᠨ᠎ᠡ ᠬᠤᠲᠠ ᠶᠢᠨ ᠠᠷᠠᠳ᠂ ᠵᠠᠯᠠᠭᠤᠴᠤᠳ ᠢᠯᠠᠩᠭᠤᠶ᠎ᠠ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠵᠢᠯ ᠬᠢᠵᠦ ᠪᠠᠶᠢᠭ᠎ᠠ ᠬᠥᠮᠥᠰ ᠵᠡᠷᠭᠡ ᠬᠠᠮᠲᠤᠯᠢᠭ ᠤᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠨ᠎ᠡ᠃ ᠵᠥᠪᠰᠢᠶᠡᠷᠡᠨ ᠣᠷᠣᠭᠤᠯᠬᠤ ᠶᠢ ᠭᠤᠶᠤᠴᠢᠯᠠᠬᠤ ᠳᠤ ᠳᠣᠣᠷᠠᠬᠢ ᠨᠥᠬᠦᠴᠡᠯ ᠤᠳ ᠢᠶᠠᠷ ᠬᠡᠷᠡᠭᠵᠢᠭᠦᠯᠦᠨ᠎ᠡ᠃    1. ᠡᠷᠥᠭᠡ ᠠᠮᠠ ᠶᠢᠨ ᠬᠠᠷᠢᠶ᠎ᠠ ᠶᠢᠨ ᠪᠤᠰᠤ ᠪᠠᠶᠢᠩᠭᠤ ᠰᠠᠭᠤᠭ᠎ᠠ ᠬᠥᠮᠥᠨ ᠠᠮᠠ᠃ ᠮᠠᠨ ᠤ ᠬᠤᠲᠠ ᠳᠤ ᠵᠢᠯ ᠲᠤᠷᠰᠢ ᠠᠮᠢᠳᠤᠷᠠᠭᠰᠠᠨ ᠪᠤᠶᠤ ᠠᠵᠢᠯᠯᠠᠵᠤ᠂ ᠲᠣᠰ ᠬᠤᠲᠠ ᠶᠢᠨ ᠣᠷᠣᠰᠢᠨ ᠰᠠᠭᠤᠬᠤ ᠦᠨᠡᠮᠯᠡᠯ ᠲᠠᠢ ᠪᠤᠶᠤ ᠲᠣᠰ ᠬᠤᠲᠠ ᠳᠤ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠨᠡᠶᠢᠭᠡᠮ ᠤᠨ ᠳᠠᠭᠠᠳᠬᠠᠯ ᠲᠤᠰᠢᠶᠠᠭᠰᠠᠨ ︵6 ᠰᠠᠷ᠎ᠠ ᠳᠦᠭᠦᠷᠦᠭᠰᠡᠨ ᠢ ᠪᠠᠭᠲᠠᠭᠠᠨ᠎ᠠ︶ ᠮᠥᠷᠲᠡᠭᠡᠨ ᠲᠣᠰ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠨᠢ ᠲᠣᠰ ᠬᠤᠲᠠ ᠳᠤ ᠥᠪᠡᠷ ᠤᠨ ᠣᠷᠣᠨ ᠰᠠᠭᠤᠴᠠ ᠦᠭᠡᠢ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠶᠢᠨ ᠪᠤᠰᠤ ᠭᠡᠷ ᠪᠦᠯᠢ ᠪᠤᠶᠤ ᠬᠤᠪᠢ ᠬᠥᠮᠥᠨ᠃    2. ᠰᠢᠨ᠎ᠡ ᠪᠠᠷ ᠠᠵᠢᠯ ᠣᠯᠵᠤ ᠡᠷᠦᠬᠡ ᠠᠮᠠ ᠪᠠᠨ ᠣᠷᠣᠭᠤᠯᠤᠭᠰᠠᠨ ᠣᠶᠤᠲᠠᠨ᠃ ᠭᠠᠳᠠᠷ ᠣᠷᠣᠨ ᠠᠴᠠ ᠮᠠᠨ ᠤ ᠬᠤᠲᠠ ᠳᠤ ᠢᠷᠡᠵᠦ ᠰᠢᠨ᠎ᠡ ᠪᠠᠷ ᠠᠵᠢᠯ ᠣᠯᠣᠭᠰᠠᠨ ᠳᠤᠮᠳᠠ ᠵᠡᠷᠭᠡ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠠᠴᠠ ᠲᠡᠭᠦᠰᠦᠭᠰᠡᠨ ᠰᠤᠷᠤᠭᠴᠢ ᠪᠥᠭᠡᠳ ᠲᠤᠰ ᠬᠤᠲᠠ ᠳᠤ ᠥᠪᠡᠷ ᠤᠨ ᠰᠠᠭᠤᠬᠤ ᠭᠡᠷ ᠦᠭᠡᠢ ᠬᠤᠪᠢ ᠬᠥᠮᠥᠨ ᠪᠤᠶᠤ ᠭᠡᠷ ᠪᠦᠯᠢ᠃    3. ᠠᠵᠤ ᠠᠬᠤᠶᠢᠯᠠᠯ ᠤᠨ ᠭᠡᠷ ᠪᠠᠶᠢᠰᠢᠩ ᠦᠭᠡᠢ ᠠᠵᠢᠯᠲᠠᠨ ᠠᠵᠢᠯᠴᠢᠨ᠃ ᠲᠣᠰ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠪᠥᠭᠡᠳ ᠲᠣᠰ ᠬᠤᠲᠠ ᠳᠤ ᠭᠡᠷ ᠪᠠᠶᠢᠰᠢᠩ ᠦᠭᠡᠢ ᠠᠵᠢᠯᠲᠠᠨ ᠠᠵᠢᠯᠴᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠭᠤᠶᠤᠴᠢᠯᠠᠵᠤ ᠪᠣᠯᠣᠨ᠎ᠠ᠃    4. ᠪᠤᠰᠤᠳ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠰ ᠢ ᠡᠷᠭᠢᠯᠡᠬᠦ ᠳᠤ ᠨᠥᠬᠦᠴᠡᠯ ᠳᠤ ᠨᠡᠶᠢᠴᠡᠬᠦ ᠬᠥᠮᠥᠰ᠃    ︵ᠲᠠᠪᠤ︶ ᠲᠦᠷᠢᠶᠡᠰᠦᠯᠡᠬᠦ ᠣᠷᠣᠨ ᠰᠠᠭᠤᠴᠠ ᠶᠢᠨ ᠭᠤᠶᠤᠴᠢᠯᠠᠯ ᠢ ᠬᠢᠨᠠᠨ ᠵᠥᠪᠰᠢᠶᠡᠷᠡᠭᠦᠯᠬᠦ ᠴᠤᠪᠤᠷᠠᠯ᠃ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠭᠡᠷ ᠪᠦᠯᠢ ᠪᠤᠶᠤ ᠬᠤᠪᠢ ᠬᠥᠮᠥᠨ ᠣᠷᠣᠨ ᠰᠠᠭᠤᠴᠠ ᠲᠦᠷᠢᠶᠡᠰᠦᠯᠡᠬᠦ ᠪᠠᠷ ᠭᠤᠶᠤᠴᠢᠯᠠᠪᠠᠯ᠂ ᠪᠠᠶᠢᠭ᠎ᠠ ᠨᠡᠶᠢᠭᠡᠮ ᠲᠣᠭᠤᠷᠢᠭ ᠪᠤᠶᠤ ᠠᠵᠢᠯᠴᠢᠨ ᠬᠡᠷᠡᠭᠯᠡᠬᠦ ᠨᠢᠭᠡᠴᠡ ᠳᠤ ᠭᠤᠶᠤᠴᠢᠯᠠᠯ ᠭᠠᠷᠭᠠᠵᠤ᠂ ᠪᠠᠶᠢᠭ᠎ᠠ ᠨᠡᠶᠢᠭᠡᠮ ᠲᠣᠭᠤᠷᠢᠭ ᠪᠤᠶᠤ ᠠᠵᠢᠯᠴᠢᠨ ᠬᠡᠷᠡᠭᠯᠡᠬᠦ ᠨᠢᠭᠡᠴᠡ ᠠᠴᠠ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠶᠢᠨ ᠬᠠᠮᠲᠤ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄    1. ᠭᠤᠶᠤᠴᠢᠯᠠᠭᠴᠢ ᠪᠠᠶᠢᠭ᠎ᠠ ᠨᠡᠶᠢᠭᠡᠮ ᠲᠣᠭᠤᠷᠢᠭ ᠪᠤᠶᠤ ᠠᠵᠢᠯᠴᠢᠨ ᠬᠡᠷᠡᠭᠯᠡᠬᠦ ᠨᠢᠭᠡᠴᠡ ᠳᠡᠭᠡᠨ ᠭᠤᠶᠤᠴᠢᠯᠠᠯ ᠢᠶᠠᠨ ᠨᠢᠭᠡᠳᠦᠯᠲᠡᠢ ᠳᠤᠷᠠᠳᠴᠤ᠂ ᠭᠤᠶᠤᠴᠢᠯᠠᠬᠤ ᠳᠠᠭᠠᠨ ᠬᠡᠷᠡᠭᠰᠡᠬᠦ ᠮᠠᠲ᠋ᠧᠷᠢᠶᠠᠯ ︵ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠥᠯᠥ ᠬᠥᠳᠡᠯᠬᠦ ᠬᠥᠷᠥᠩᠭᠡ ᠶᠢᠨ ᠭᠡᠷᠡᠴᠢ᠂ ᠠᠵᠢᠯᠴᠢᠨ ᠬᠡᠷᠡᠭᠯᠡᠬᠦ ᠭᠡᠷ᠎ᠡ ᠵᠡᠷᠭᠡ ᠶᠢᠨ ᠬᠠᠭᠤᠯᠪᠤᠷᠢ︶ ᠢᠶᠠᠨ ᠲᠤᠰᠢᠶᠠᠬᠤ ᠬᠡᠷᠡᠭᠲᠡᠢ᠂ ᠨᠡᠶᠢᠭᠡᠮ ᠲᠣᠭᠤᠷᠢᠭ ᠪᠤᠶᠤ ᠠᠵᠢᠯᠴᠢᠨ ᠬᠡᠷᠡᠭᠯᠡᠬᠦ ᠨᠢᠭᠡᠴᠡ ᠠᠴᠠ ᠬᠢᠨᠠᠨ ᠬᠠᠷᠭᠤᠭᠤᠯᠵᠤ ᠢᠯᠡ ᠨᠡᠶᠢᠲᠡᠯᠡᠭᠰᠡᠨ ᠤ ᠳᠠᠷᠠᠭᠠᠬᠢ ᠭᠤᠶᠤᠴᠢᠯᠠᠭᠴᠢ ᠶᠢᠨ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃    2. ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠭᠤᠶᠤᠴᠢᠯᠠᠭᠴᠢ ᠶᠢᠨ ᠭᠡᠷ ᠪᠦᠯᠢ ᠶᠢᠨ ᠣᠷᠣᠨ ᠰᠠᠭᠤᠴᠠ ᠶᠢᠨ ᠪᠠᠶᠢᠳᠠᠯ᠂ ᠣᠷᠣᠯᠭ᠎ᠠ ᠵᠡᠷᠭᠡ ᠪᠠᠶᠢᠳᠠᠯ ᠢ ᠬᠢᠨᠠᠨ ᠬᠠᠷᠭᠤᠭᠤᠯᠵᠤ ᠢᠯᠡ ᠨᠡᠶᠢᠲᠡᠯᠡᠨ᠎ᠡ᠃ ᠨᠥᠬᠦᠴᠡᠯ ᠳᠤ ᠨᠡᠶᠢᠴᠡᠬᠦ ᠭᠤᠶᠤᠴᠢᠯᠠᠭᠴᠢ ᠳᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯᠴᠢᠨ ᠬᠡᠷᠡᠭᠯᠡᠬᠦ ᠨᠢᠭᠡᠴᠡ ᠯᠦᠭᠡ ︽ᠹᠧᠩᠵᠧᠨ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠯ ᠤᠨ ᠭᠡᠷ᠎ᠡ︾ ᠲᠣᠭᠲᠠᠨ᠎ᠠ᠃    ︵ᠵᠢᠷᠭᠤᠭ᠎ᠠ︶ ᠲᠦᠷᠢᠶᠡᠰᠦᠨ ᠣᠷᠣᠨ ᠰᠠᠭᠤᠴᠠ ᠶᠢ ᠪᠤᠴᠠᠭᠠᠨ ᠭᠠᠷᠭᠠᠬᠤ ᠬᠠᠮᠢᠶᠠᠷᠤᠯᠲᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠯᠡᠬᠦ ᠣᠷᠣᠨ ᠰᠠᠭᠤᠴᠠ ᠶᠢᠨ ᠡᠲᠡᠭᠡᠳ ᠲᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠪᠠ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠪᠠᠷᠢᠮᠲᠠᠯᠠᠨ᠂ ᠪᠠᠲᠤᠯᠠᠭ᠎ᠠ ᠶᠢᠨ ᠡᠲᠡᠭᠡᠳ ᠤᠨ ᠣᠷᠣᠨ ᠰᠠᠭᠤᠴᠠ ᠶᠢᠨ ᠬᠤᠪᠢᠷᠠᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠨ᠎ᠠ᠃ ᠲᠦᠷᠢᠶᠡᠰᠦᠯᠡᠭᠴᠢ ᠬᠡᠷᠪᠡ ᠬᠤᠳᠠᠯᠳᠤᠨ ᠠᠪᠬᠤ᠂ ᠵᠠᠯᠭᠠᠮᠵᠢᠯᠠᠬᠤ᠂ ᠪᠡᠯᠡᠭ ᠢ ᠬᠦᠯᠢᠶᠡᠨ ᠠᠪᠬᠤ ᠵᠡᠷᠭᠡ ᠠᠷᠭ᠎ᠠ ᠮᠠᠶ᠋ᠢᠭ ᠢᠶᠠᠷ ᠪᠤᠰᠤᠳ ᠣᠷᠣᠨ ᠰᠠᠭᠤᠴᠠ ᠣᠯᠣᠭᠰᠠᠨ᠂ ᠡᠰᠡᠬᠦᠯ᠎ᠡ ᠭᠡᠷ᠎ᠡ ᠶᠢᠨ ᠪᠣᠯᠵᠣᠯ ᠠᠴᠠ ᠵᠥᠷᠢᠴᠡᠭᠰᠡᠨ ᠪᠤᠶᠤ ᠲᠤᠰ ᠬᠤᠳᠠ ᠳᠤ ᠠᠵᠢᠯ ᠣᠯᠣᠭᠰᠠᠨ ᠦᠭᠡᠢ ᠪᠠᠶᠢᠪᠠᠯ᠂ ᠵᠣᠬᠢᠴᠠᠩᠭᠤᠢ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠢ ᠪᠣᠯᠤᠭᠰᠠᠨ ᠪᠠᠶᠢᠪᠠᠯ᠂ ᠲᠣᠭᠲᠠᠭᠰᠠᠨ ᠬᠤᠭᠤᠴᠠᠭᠠᠨ ᠳᠣᠲᠣᠷ᠎ᠠ ᠰᠤᠯᠠᠯᠠᠵᠤ ᠪᠤᠴᠠᠭᠠᠬᠤ ᠬᠡᠷᠡᠭᠲᠡᠢ︔ ᠲᠦᠷᠢᠶᠡᠰᠦᠯᠡᠭᠴᠢ ᠨᠢ ᠦᠨᠡᠬᠡᠷ ᠣᠨᠴᠠᠭᠠᠶ ᠬᠦᠴᠢᠷᠳᠡᠯ ᠲᠠᠢ ᠪᠠᠶᠢᠵᠤ ᠤᠬᠤᠷᠢᠨ ᠭᠠᠷᠴᠤ ᠳᠡᠶᠢᠯᠬᠦ ᠦᠭᠡᠢ ᠪᠠᠶᠢᠪᠠᠯ᠂ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ᠂ 6 ᠰᠠᠷ᠎ᠠ ᠠᠴᠠ ᠦᠯᠦ ᠬᠡᠲᠦᠷᠡᠬᠦ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠵᠤ ᠪᠣᠯᠣᠨ᠎ᠠ᠃ ᠲᠣᠭᠲᠠᠭᠠᠯ ᠠᠴᠠ ᠵᠥᠷᠢᠴᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠡᠷᠡᠭᠯᠡᠭᠰᠡᠨ ᠪᠤᠶᠤ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠢ ᠪᠣᠯᠤᠭᠰᠠᠨ ᠲᠦᠷᠢᠶᠡᠰᠦᠯᠡᠭᠴᠢ ᠶᠢ ᠲᠣᠭᠲᠠᠭᠰᠠᠨ ᠬᠤᠭᠤᠴᠠᠭᠠᠨ ᠳᠣᠲᠣᠷ᠎ᠠ ᠰᠤᠯᠠᠯᠠᠵᠤ ᠪᠤᠴᠠᠭᠠᠭᠰᠠᠨ ᠦᠭᠡᠢ ᠪᠠᠶᠢᠪᠠᠯ᠂ ᠵᠠᠬ᠎ᠠ ᠳᠡᠯᠭᠡᠭᠦᠷ ᠤᠨ ᠦᠨ᠎ᠡ ᠬᠠᠩᠰᠢ ᠪᠠᠷ ᠲᠦᠷᠢᠶᠡᠰᠦᠨ ᠮᠥᠩᠭᠦ ᠲᠤᠰᠢᠶᠠᠬᠤ ᠬᠡᠷᠡᠭᠲᠡᠢ︔ ᠤᠬᠤᠷᠢᠨ ᠭᠠᠷᠬᠤ ᠬᠠᠮᠢᠶᠠᠷᠤᠯᠲᠠ ᠶᠢ ᠳᠠᠭᠠᠬᠤ ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠪᠤᠶᠤ ᠭᠡᠷ᠎ᠡ ᠶᠢᠨ ᠪᠣᠯᠵᠣᠯ ᠶᠣᠰᠣᠭᠠᠷ ᠰᠢᠭᠦᠬᠦ ᠬᠤᠷᠢᠶ᠎ᠠ ᠳᠤ ᠠᠯᠪᠠᠳᠠᠨ ᠭᠦᠢᠴᠡᠳᠬᠡᠭᠦᠯᠬᠦ ᠪᠠᠷ ᠭᠤᠶᠤᠴᠢᠯᠠᠵᠤ ᠪᠣᠯᠣᠨ᠎ᠠ᠃    ︵ᠲᠤᠯᠤᠭ᠎ᠠ︶ ᠠᠵᠢᠯ ᠤᠨ ᠱᠠᠭᠠᠷᠳᠠᠯᠭ᠎ᠠ    1. ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠮᠠᠨ ᠤ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠡᠷᠡᠭᠴᠡᠭᠡ᠂ ᠬᠠᠳᠠᠭᠠᠯᠠᠭᠳᠠᠵᠤ ᠪᠠᠶᠢᠭ᠎ᠠ ᠭᠠᠵᠠᠷ ᠰᠢᠷᠣᠢ᠂ ᠣᠳᠣ ᠪᠠᠶᠢᠭ᠎ᠠ ᠭᠡᠷ ᠪᠠᠶᠢᠰᠢᠩ ᠤᠨ ᠡᠬᠢ ᠪᠠᠶᠠᠯᠢᠭ ᠪᠠ ᠬᠥᠮᠥᠨ ᠠᠮᠠ ᠶᠢᠨ ᠣᠷᠣᠵᠤ ᠢᠷᠡᠭᠰᠡᠨ ᠵᠡᠷᠭᠡ ᠪᠠᠶᠢᠳᠠᠯ ᠢ ᠦᠨᠳᠦᠰᠦᠯᠡᠵᠦ᠂ ᠮᠠᠨ ᠤ ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠪᠣᠯᠣᠨ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠦᠯᠡᠳᠡᠭᠡᠯ ᠭᠠᠵᠠᠷ ᠰᠢᠷᠣᠢ᠂ ᠦᠯᠡᠳᠡᠭᠡᠯ ᠭᠡᠷ ᠪᠠᠶᠢᠰᠢᠩ ᠢ ᠠᠰᠢᠭᠯᠠᠬᠤ ᠪᠠᠷ ᠭᠤᠣᠯ ᠪᠣᠯᠭᠠᠨ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠨ ᠰᠢᠨᠡᠳᠬᠡᠬᠦ ᠵᠢᠴᠢ ᠵᠠᠰᠠᠭ ᠤᠨ ᠣᠷᠳᠣᠨ ᠤ ᠰᠤᠯᠠ ᠪᠠᠶᠢᠭ᠎ᠠ ᠣᠷᠣᠨ ᠰᠠᠭᠤᠴᠠ ᠶᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠨ ᠬᠡᠷᠡᠭᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠤᠯᠠᠨ ᠠᠷᠭ᠎ᠠ ᠵᠠᠮ ᠢᠶᠠᠷ ᠬᠠᠩᠭᠠᠬᠤ ᠶᠢ ᠪᠡᠶᠡᠯᠡᠭᠦᠯᠦᠨ᠎ᠡ᠃ ᠡᠭᠦᠨ ᠤ ᠵᠡᠷᠭᠡᠴᠡᠭᠡᠪᠡᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠴᠤᠭᠯᠠᠭᠤᠯᠬᠤ᠂ ᠲᠣᠬᠢᠷᠠᠭᠤᠯᠤᠨ ᠲᠦᠷᠢᠶᠡᠰᠦᠯᠡᠭᠦᠯᠬᠦ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ ᠢ ᠢᠳᠡᠪᠬᠢᠲᠡᠢ ᠰᠠᠶᠢᠲᠤᠷ ᠬᠢᠵᠦ᠂ ᠦᠷᠭᠦᠯᠵᠢᠯᠡᠨ ᠡᠵᠡᠩᠨᠡᠬᠦ ᠶᠢ ᠪᠡᠶᠡᠯᠡᠭᠦᠯᠬᠦ ᠬᠡᠷᠡᠭᠲᠡᠢ᠃    2. ᠣᠯᠠᠨ ᠲᠠᠯ᠎ᠠ ᠶᠢ ᠬᠥᠲᠥᠯᠥᠨ ᠵᠢᠯᠤᠭᠤᠳᠴᠤ ᠪᠠᠶᠢᠭᠠᠳ ᠣᠷᠣᠯᠴᠠᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠵᠠᠰᠠᠭ ᠤᠨ ᠣᠷᠳᠣᠨ ᠠᠴᠠ ᠭᠠᠵᠠᠷ ᠰᠢᠷᠣᠢ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠣᠯᠠᠨ ᠭᠤᠣᠯ ᠴᠣᠭᠴᠠ ᠠᠴᠠ ᠪᠡᠯᠡ ᠣᠷᠣᠭᠤᠯᠬᠤ᠂ ᠣᠯᠠᠨ ᠠᠷᠭ᠎ᠠ ᠵᠠᠮ ᠢᠶᠠᠷ ᠬᠠᠩᠭᠠᠬᠤ ᠶᠢ ᠬᠥᠲᠥᠯᠥᠨ ᠵᠢᠯᠤᠭᠤᠳᠴᠤ᠂ ︽ᠬᠡᠨ ᠪᠡᠯᠡ ᠣᠷᠣᠭᠤᠯᠪᠠᠯ ᠬᠡᠨ ᠥᠮᠴᠢᠯᠡᠬᠦ︾ ᠶᠢ ᠪᠠᠷᠢᠮᠲᠠᠯᠠᠨ᠂ ᠭᠤᠣᠯᠳᠠᠭᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠥᠪᠡᠷ ᠤᠨ ᠰᠤᠯᠠ ᠪᠠᠶᠢᠭ᠎ᠠ ᠭᠠᠵᠠᠷ ᠰᠢᠷᠣᠢ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠦᠨ ᠬᠡᠷᠡᠭᠯᠡᠬᠦ ᠭᠠᠵᠠᠷ ᠰᠢᠷᠣᠢ ᠪᠠ ᠦᠯᠡᠳᠡᠭᠡᠯ ᠰᠤᠯᠠ ᠪᠠᠶᠢᠭ᠎ᠠ ᠭᠡᠷ ᠪᠠᠶᠢᠰᠢᠩ ᠢ ᠠᠰᠢᠭᠯᠠᠨ ᠪᠦᠲᠦᠭᠡᠨ ᠪᠠᠶᠢᠭᠤᠯᠵᠤ᠂ ᠰᠢᠨ᠎ᠡ ᠪᠠᠷ ᠬᠠᠩᠭᠠᠬᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠣᠬᠢᠰᠲᠠᠢ ᠠᠰᠢᠭᠯᠠᠨ ᠪᠦᠲᠦᠭᠡᠨ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠯᠡᠬᠦ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠠᠵᠢᠯ ᠢ ᠲᠦᠷᠦᠭᠦᠯᠡᠨ ᠥᠷᠨᠢᠭᠦᠯᠬᠦ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠳᠤ ᠣᠷᠣᠯᠴᠠᠭᠤᠯᠵᠤ᠂ ᠲᠤᠰᠬᠠᠢ ᠮᠡᠷᠭᠡᠵᠢᠯ ᠤᠨ ᠬᠡᠪᠴᠢᠶᠡᠵᠢᠭᠰᠡᠨ ᠣᠷᠣᠨ ᠰᠠᠭᠤᠴᠠ ᠶᠢᠨ ᠲᠦᠷᠢᠶᠡᠰᠦᠯᠡᠬᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠯᠡᠬᠦ ᠣᠷᠣᠨ ᠰᠠᠭᠤᠴᠠ ᠶᠢ ᠳᠡᠮᠵᠢᠨ᠎ᠡ᠃    3. ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠡᠰᠡᠭ ᠲᠣᠭᠤᠷᠢᠭ᠂ ᠬᠤᠳᠠᠯᠳᠤᠭ᠎ᠠ ᠬᠤᠳᠠᠯᠳᠤᠭᠠᠨ ᠤ ᠶᠠᠪᠤᠳᠠᠯ ᠤᠨ ᠲᠥᠪᠯᠡᠷᠡᠭᠰᠡᠨ ᠲᠣᠭᠤᠷᠢᠭ ᠵᠡᠷᠭᠡ ᠬᠥᠮᠥᠨ ᠠᠮᠠ ᠲᠥᠪᠯᠡᠷᠡᠭᠰᠡᠨ᠂ ᠵᠠᠮ ᠬᠠᠷᠢᠯᠴᠠᠭ᠎ᠠ ᠳᠥᠭᠦᠮ ᠳᠥᠲᠡ᠂ ᠦᠢᠯᠡᠳᠪᠦᠷᠢᠯᠡᠯ ᠠᠮᠢᠳᠤᠷᠠᠯ ᠳᠥᠭᠦᠮ ᠳᠥᠲᠡ᠂ ᠲᠥᠬᠦᠷ ᠦᠢᠯᠡᠴᠢᠯᠡᠭᠡᠨ ᠤ ᠪᠡᠯᠡᠳᠬᠡᠮᠵᠢ ᠨᠢ ᠪᠦᠷᠢᠨ ᠲᠡᠭᠦᠯᠳᠡᠷ ᠣᠷᠣᠨ ᠪᠦᠰᠡ ᠳᠤ ᠡᠩ ᠲᠡᠷᠢᠭᠦᠨ ᠳᠤ ᠲᠣᠬᠢᠷᠠᠭᠤᠯᠬᠤ ᠬᠡᠷᠡᠭᠲᠡᠢ᠃    4. ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡᠨ ᠵᠡᠷᠭᠡ ᠰᠠᠯᠠᠭ᠎ᠠ ᠮᠥᠴᠢᠷ ᠨᠢᠭᠡᠴᠡ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠯᠡᠬᠦ ᠣᠷᠣᠨ ᠰᠠᠭᠤᠴᠠ ᠶᠢ ᠭᠤᠶᠤᠴᠢᠯᠠᠬᠤ ᠲᠥᠷᠥᠯ ᠵᠦᠢᠯ ᠳᠤ ᠬᠠᠮᠲᠤᠷᠠᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠮᠠᠭᠠᠳᠯᠠᠨ ᠲᠣᠭᠲᠠᠭᠠᠭᠰᠠᠨ ᠪᠢᠴᠢᠭ︾ ᠢ ᠭᠠᠷᠭᠠᠵᠤ᠂ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠤᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠨᠢ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠯᠡᠬᠦ ᠣᠷᠣᠨ ᠰᠠᠭᠤᠴᠠ ᠶᠢᠨ ᠲᠥᠷᠥᠯ ᠵᠦᠢᠯ ᠢ ᠦᠨᠡᠮᠰᠢᠭᠰᠡᠨ ᠪᠢᠴᠢᠭ︾ ᠢᠶᠠᠷ ᠢᠶᠠᠨ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠵᠦ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠠᠷᠠᠳ ᠤᠨ ᠬᠡᠷᠡᠭᠯᠡᠭᠡᠨ ᠤ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠦᠨ᠎ᠡ ᠬᠠᠩᠰᠢ ᠶᠢ ᠨᠠᠶᠢᠳᠠᠪᠤᠷᠢᠵᠢᠭᠤᠯᠤᠨ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠬᠠᠩᠭᠠᠨ᠎ᠠ᠃    5. ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠦᠷᠢᠶᠡᠰᠦᠯᠡᠭᠦᠯᠬᠦ ᠪᠠ ᠡᠵᠡᠩᠨᠡᠯᠲᠡ ᠬᠠᠮᠢᠶᠠᠷᠤᠯᠲᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ᠢᠨᠵᠧᠨᠧᠷᠢᠩ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠭᠤᠣᠯᠳᠠᠯᠭ᠎ᠠ ᠪᠣᠯᠭᠠᠬᠤ ᠬᠡᠷᠡᠭᠲᠡᠢ︔ ᠲᠦᠷᠢᠶᠡᠰᠦᠯᠡᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠵᠢᠵᠢᠭ ᠭᠡᠷ ᠪᠠᠶᠢᠰᠢᠩ᠂ ᠬᠢᠮᠳᠠ ᠲᠦᠷᠢᠶᠡᠰᠦᠨ ᠮᠥᠩᠭᠦ᠂ ᠰᠢᠨ᠎ᠡ ᠬᠤᠲᠠ ᠶᠢᠨ ᠠᠷᠠᠳ ᠪᠠ ᠰᠢᠨ᠎ᠡ ᠵᠠᠯᠠᠭᠤᠴᠤᠳ ᠵᠡᠷᠭᠡ ᠳᠤ ᠬᠠᠨᠳᠤᠭᠤᠯᠤᠭᠰᠠᠨ ᠬᠠᠩᠭᠠᠯᠭ᠎ᠠ ᠶᠢᠨ ᠱᠠᠭᠠᠷᠳᠠᠯᠭ᠎ᠠ ᠶᠢ ᠦᠨᠡᠨᠬᠦ ᠪᠠᠲᠤᠯᠠᠬᠤ ᠬᠡᠷᠡᠭᠲᠡᠢ︔ ᠡᠵᠡᠩᠨᠡᠯᠲᠡ ᠬᠠᠮᠢᠶᠠᠷᠤᠯᠲᠠ ᠪᠠᠨ ᠴᠢᠩᠭᠠᠷᠠᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠵᠤ ᠪᠣᠯᠬᠤ ᠦᠭᠡᠢ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠨᠡᠷ᠎ᠡ ᠪᠠᠷ ᠲᠣᠭᠲᠠᠭᠠᠯ ᠠᠴᠠ ᠵᠥᠷᠢᠴᠡᠨ ᠡᠵᠡᠩᠨᠡᠬᠦ ᠪᠤᠶᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠡᠬᠡᠯᠡᠨ ᠣᠯᠬᠤ ᠶᠢ ᠴᠢᠩᠭ᠎ᠠ ᠴᠠᠭᠠᠵᠠᠯᠠᠨ᠎ᠠ᠃    ︵ᠨᠠᠢᠮᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ    1. ᠭᠠᠵᠠᠷ ᠰᠢᠷᠣᠢ ᠪᠠᠷ ᠳᠡᠮᠵᠢᠬᠦ ᠲᠥᠷᠥ ᠶᠢᠨ ᠪᠣᠳᠣᠯᠭ᠎ᠠ᠃ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠶᠢ ᠳᠡᠮᠵᠢᠨ᠎ᠡ︔ ᠬᠤᠲᠠ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠤᠶᠤ ᠵᠠᠮ ᠬᠠᠷᠢᠯᠴᠠᠭ᠎ᠠ ᠲᠥᠬᠦᠮ ᠣᠷᠣᠨ ᠪᠦᠰᠡ ᠲᠠᠢ ᠣᠶᠢᠷᠠᠯᠴᠠᠭ᠎ᠠ ᠪᠠᠶᠢᠭ᠎ᠠ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠶᠢ ᠳᠡᠮᠵᠢᠨ᠎ᠡ︔ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠤᠭᠤᠳ ᠥᠪᠡᠷ ᠢᠶᠠᠨ ᠪᠠᠶᠢᠭᠤᠯᠬᠤ ᠪᠤᠶᠤ ᠬᠠᠮᠲᠤᠷᠠᠨ ᠡᠵᠡᠩᠨᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠠᠶᠢᠭᠤᠯᠤᠨ ᠡᠵᠡᠩᠨᠡᠵᠦ ᠪᠣᠯᠣᠨ᠎ᠠ︔ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠬᠤ ᠳᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠪᠠᠷᠢᠴᠠᠭᠠᠯᠠᠨ ᠵᠢᠭᠡᠯᠡᠯᠭᠡ ᠠᠪᠴᠤ ᠪᠣᠯᠣᠨ᠎ᠠ᠃    ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠤᠯᠢ ᠶᠣᠰᠣᠭᠠᠷ ᠣᠯᠣᠭᠰᠠᠨ ᠬᠡᠷᠡᠭᠯᠡᠬᠦ ᠡᠷᠬᠡ ᠲᠠᠢ  ᠭᠠᠵᠠᠷ ᠰᠢᠷᠣᠢ ᠶᠢ ᠲᠥᠯᠦᠪᠵᠢᠭᠦᠯᠭᠡ ᠳᠤ ᠨᠡᠶᠢᠴᠡᠬᠦ᠂ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠦᠭᠡᠢ᠂ ᠠᠮᠤᠷ ᠲᠦᠪᠰᠢᠨ ᠤ ᠱᠠᠭᠠᠷᠳᠠᠯᠭ᠎ᠠ ᠶᠢ ᠬᠠᠩᠭᠠᠬᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠬᠦ ᠤᠷᠢᠲᠠᠯ ᠳᠣᠣᠷ᠎ᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠳᠤ ᠬᠡᠷᠡᠭᠯᠡᠬᠦ ᠶᠢ ᠵᠥᠪᠰᠢᠶᠡᠷᠡᠬᠦ ᠶᠢᠨ ᠬᠠᠮᠲᠤ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠵᠤ᠂ ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ ᠦᠭᠡᠢ᠂ ᠤᠤᠯ ᠤᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠢ ᠳᠤ ᠬᠤᠪᠢᠶᠠᠷᠢᠯᠠᠨ ᠥᠭᠬᠦ ᠠᠷᠭ᠎ᠠ ᠮᠠᠶ᠋ᠢᠭ ᠢ ᠦᠷᠭᠦᠯᠵᠢᠯᠡᠨ ᠦᠯᠡᠳᠡᠭᠡᠵᠦ ᠪᠣᠯᠣᠨ᠎ᠠ︔ ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ ᠤ ᠥᠪᠡᠷ ᠢᠶᠠᠨ ᠪᠠᠶᠢᠭᠤᠯᠬᠤ ᠪᠤᠶᠤ ᠪᠤᠰᠤᠳ ᠵᠠᠬ᠎ᠠ ᠳᠡᠯᠭᠡᠭᠦᠷ ᠤᠨ ᠭᠤᠣᠯ ᠴᠣᠭᠴᠠ ᠯᠤᠭ᠎ᠠ ᠬᠤᠷᠰᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ ᠡᠵᠡᠩᠨᠡᠬᠦ ᠶᠢ ᠵᠥᠪᠰᠢᠶᠡᠷᠡᠨ᠎ᠡ᠃    ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠠᠯᠪᠠᠯᠠᠬᠤ ᠵᠢᠴᠢ ᠠᠮᠢᠳᠤᠷᠠᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠤᠨ ᠲᠠᠯᠠᠪᠠᠶ ᠶᠢᠨ ᠲᠥᠷᠥᠯ ᠵᠦᠢᠯ ᠤᠨ ᠶᠡᠷᠦᠩᠬᠡᠢ ᠬᠡᠷᠡᠭᠯᠡᠬᠦ ᠭᠠᠵᠠᠷ ᠤᠨ ᠲᠠᠯᠠᠪᠠᠶ ᠳᠠᠬᠢ ᠡᠵᠡᠯᠡᠬᠦ ᠬᠠᠷᠢᠴᠠᠯ ᠤᠨ ᠳᠡᠭᠡᠳᠦ ᠬᠢᠵᠠᠭᠠᠷ ᠢ 7% ᠪᠠᠶᠢᠭᠰᠠᠨ ᠠᠴᠠ 15% ᠪᠣᠯᠭᠠᠨ ᠳᠡᠭᠡᠭᠰᠢᠯᠡᠭᠦᠯᠵᠦ᠂ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠤᠨ ᠳᠡᠭᠡᠳᠦ ᠬᠢᠵᠠᠭᠠᠷ ᠢ ᠵᠣᠬᠢᠴᠠᠩᠭᠤᠢ ᠪᠠᠷ ᠳᠡᠭᠡᠭᠰᠢᠯᠡᠭᠦᠯᠦᠨ᠂ ᠳᠡᠭᠡᠭᠰᠢᠯᠡᠭᠦᠯᠬᠦ ᠬᠡᠰᠡᠭ ᠢ ᠭᠤᠣᠯᠳᠠᠭᠤ ᠪᠠᠶᠢᠷᠢ ᠶᠢᠨ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠳᠤ ᠬᠡᠷᠡᠭᠯᠡᠵᠦ᠂ ᠢᠵᠢ ᠪᠦᠷᠢᠨ ᠲᠠᠸᠠᠷ ᠤᠨ ᠣᠷᠣᠨ ᠰᠠᠭᠤᠴᠠ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ︔ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠡᠯ᠎ᠡ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠥᠬᠦᠷᠵᠢᠭᠦᠯᠬᠦ ᠬᠠᠷᠢᠴᠠᠯ ᠯᠤᠭ᠎ᠠ ᠲᠣᠬᠢᠷᠠᠯᠴᠠᠭᠰᠠᠨ ᠬᠡᠷᠡᠭᠯᠡᠬᠦ ᠭᠠᠵᠠᠷ ᠤᠨ ᠲᠠᠯᠠᠪᠠᠢ ᠪᠤᠶᠤ ᠪᠠᠷᠢᠯᠭ᠎ᠠ ᠶᠢᠨ ᠲᠠᠯᠠᠪᠠᠢ ᠶᠢ ᠲᠥᠪᠯᠡᠷᠡᠭᠦᠯᠦᠨ᠂ ᠪᠠᠶᠢᠷᠢ ᠶᠢᠨ ᠮᠠᠶ᠋ᠢᠭ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠨᠢᠭᠡᠳᠦᠯᠲᠡᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃    ᠰᠤᠯᠠ ᠪᠠᠶᠢᠬᠤ ᠪᠠ ᠦᠷ᠎ᠡ ᠠᠰᠢᠭ ᠢᠶᠠᠷ ᠳᠣᠣᠷ᠎ᠠ ᠠᠰᠢᠭᠯᠠᠬᠤ ᠬᠤᠳᠠᠯᠳᠤᠭᠠᠨ ᠤ ᠠᠯᠪᠠᠯᠠᠬᠤ᠂ ᠠᠶᠠᠨᠴᠢᠳ ᠤᠨ ᠪᠠᠭᠤᠳᠠᠯ᠂ ᠦᠢᠯᠡᠳᠪᠦᠷᠢ ᠶᠢᠨ ᠭᠡᠷ ᠪᠠᠶᠢᠰᠢᠩ᠂ ᠬᠥᠮᠥᠷᠭᠡᠯᠡᠨ ᠬᠠᠳᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠤᠯ ᠰᠤᠷᠭᠠᠨ ᠬᠥᠮᠦᠵᠢᠯ ᠵᠡᠷᠭᠡ ᠣᠷᠣᠰᠢᠨ ᠰᠠᠭᠤᠬᠤ ᠪᠤᠰᠤ ᠦᠯᠡᠳᠡᠭᠡᠯ ᠭᠡᠷ ᠪᠠᠶᠢᠰᠢᠩ ᠢ ᠲᠥᠯᠦᠪᠵᠢᠭᠦᠯᠭᠡ ᠳᠤ ᠨᠡᠶᠢᠴᠡᠬᠦ᠂ ᠡᠷᠬᠡ ᠶᠢᠨ ᠬᠠᠷᠢᠶᠠᠯᠠᠯ ᠢ ᠬᠤᠪᠢᠷᠠᠭᠤᠯᠬᠤ ᠦᠭᠡᠢ᠂ ᠠᠮᠤᠷ ᠲᠦᠪᠰᠢᠨ ᠤ ᠱᠠᠭᠠᠷᠳᠠᠯᠭ᠎ᠠ ᠶᠢ ᠬᠠᠩᠭᠠᠬᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠬᠦ ᠤᠷᠢᠲᠠᠯ ᠳᠣᠣᠷ᠎ᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠨ ᠥᠭᠡᠷᠡᠴᠢᠯᠡᠨ ᠪᠠᠶᠢᠭᠤᠯᠬᠤ ᠶᠢ ᠵᠥᠪᠰᠢᠶᠡᠷᠡᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠨ ᠬᠡᠷᠡᠭᠯᠡᠬᠦ ᠬᠤᠭᠤᠴᠠᠭᠠᠨ ᠳᠤ᠂ ᠭᠠᠵᠠᠷ ᠰᠢᠷᠣᠢ ᠶᠢᠨ ᠬᠡᠷᠡᠭᠯᠡᠯᠲᠡ ᠶᠢᠨ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ ᠦᠭᠡᠢ᠃    2. ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠳᠤ ᠨᠡᠶᠢᠴᠡᠬᠦ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠯᠡᠬᠦ ᠣᠷᠣᠨ ᠰᠠᠭᠤᠴᠠ ᠶᠢᠨ ᠲᠥᠷᠥᠯ ᠵᠦᠢᠯ ᠳᠤ ᠲᠥᠪ᠂ ᠥᠪᠡᠷᠲᠡᠭᠡᠨ ᠵᠠᠰᠠᠬᠤ ᠣᠷᠣᠨ ᠵᠡᠷᠭᠡ ᠳᠡᠭᠡᠳᠦ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠬᠤ ᠬᠡᠷᠡᠭᠲᠡᠢ᠃   3. ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠃ ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠢ ᠪᠠ ᠣᠷᠣᠨ ᠰᠠᠭᠤᠴᠠ ᠶᠢᠨ ᠪᠤᠰᠤ ᠦᠯᠡᠳᠡᠭᠡᠯ ᠭᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠦᠨᠡᠮᠰᠢᠬᠦ ᠪᠢᠴᠢᠭ ᠢ ᠣᠯᠣᠭᠰᠠᠨ ᠤ ᠳᠠᠷᠠᠭ᠎ᠠ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠠᠮᠢᠶ᠎ᠠ ᠪᠦᠬᠦᠢ ᠲᠣᠭᠲᠠᠭᠠᠯ ᠵᠢᠴᠢ ᠣᠲᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠬᠦ ᠶᠢ ᠬᠡᠷᠡᠭᠵᠢᠭᠦᠯᠦᠨ᠎ᠡ᠃ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠦᠨ᠎ᠡ ᠬᠠᠩᠰᠢ ᠶᠢ ᠰᠠᠭᠤᠭᠠᠯᠢ ᠠᠷᠠᠳ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠵᠦᠢᠯᠡᠰ ᠠᠴᠠ ᠬᠤᠳᠠ ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠵᠠᠷᠤᠳᠠᠯ ᠬᠤᠷᠢᠶᠠᠬᠤ ᠦᠭᠡᠢ᠃    4. ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠥᠪᠡᠰᠦᠪᠡᠨ ᠡᠵᠡᠮᠰᠢᠵᠦ ᠪᠠᠶᠢᠭ᠎ᠠ ᠭᠤᠣᠯ ᠴᠣᠭᠴᠠ ᠳᠤ ᠣᠷᠳᠣ ᠬᠤᠭᠤᠴᠠᠭᠠᠨ ᠤ ᠵᠢᠭᠡᠯᠡᠯᠭᠡ ᠬᠠᠩᠭᠠᠬᠤ ᠶᠢ ᠳᠡᠮᠵᠢᠨ᠎ᠡ︔ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ᠂ ᠲᠦᠭᠰᠢᠭᠦᠷᠢ ᠶᠢ ᠡᠵᠡᠮᠳᠡᠵᠦ ᠪᠣᠯᠬᠤ᠂ ᠬᠤᠳᠠᠯᠳᠤᠭ᠎ᠠ ᠶᠢ ᠦᠷᠭᠦᠯᠵᠢᠯᠡᠭᠦᠯᠵᠦ ᠪᠣᠯᠬᠤ ᠵᠠᠷᠴᠢᠮ ᠶᠣᠰᠣᠭᠠᠷ᠂ ᠥᠭᠡᠷᠡᠴᠢᠯᠡᠨ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠦᠯᠡᠳᠡᠭᠡᠯ ᠭᠡᠷ ᠪᠠᠶᠢᠰᠢᠩ ᠤᠨ ᠥᠪᠡᠷ ᠤᠨ ᠥᠮᠴᠢᠯᠡᠯ ᠤᠨ ᠪᠤᠰᠤ ᠥᠮᠴᠢᠯᠡᠬᠦ ᠡᠷᠬᠡ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠡᠵᠡᠩᠨᠡᠯᠲᠡ ᠬᠠᠮᠢᠶᠠᠷᠤᠯᠲᠠ ᠶᠢᠨ ᠭᠤᠣᠯ ᠴᠣᠭᠴᠠ ᠳᠤ ᠵᠢᠭᠡᠯᠡᠯᠭᠡ ᠬᠠᠩᠭᠠᠨ᠎ᠠ᠃    5. ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠨ᠎ᠡ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠪᠠ ᠭᠤᠭᠴᠤᠭ᠎ᠠ ᠶᠢ ᠴᠣᠮᠬᠠᠳᠬᠠᠵᠤ᠂ ᠲᠦᠷᠭᠡᠨ ᠬᠢᠨᠠᠨ ᠵᠥᠪᠰᠢᠶᠡᠷᠡᠬᠦ ᠴᠤᠪᠤᠷᠠᠯ ᠢ ᠪᠠᠶᠢᠭᠤᠯᠤᠨ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠢ ᠪᠠ ᠣᠷᠣᠨ ᠰᠠᠭᠤᠴᠠ ᠶᠢᠨ ᠪᠤᠰᠤ ᠦᠯᠡᠳᠡᠭᠡᠯ ᠭᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠤᠭᠰᠠᠨ ᠪᠠᠶᠢᠪᠠᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠨᠢ ᠦᠨᠡᠮᠰᠢᠭᠰᠡᠨ ᠪᠢᠴᠢᠭ ᠢᠶᠠᠷ ᠢᠶᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠴᠦ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠬᠦ᠂ ᠲᠥᠯᠦᠪᠵᠢᠭᠦᠯᠭᠡ ᠬᠢᠬᠦ᠂ ᠪᠠᠷᠢᠯᠭ᠎ᠠ ᠪᠠᠷᠢᠬᠤ᠂ ᠭᠠᠯ ᠤᠨᠲᠠᠷᠠᠭᠠᠬᠤ ᠵᠡᠷᠭᠡ ᠭᠠᠷᠳᠠᠮ ᠢ ᠭᠦᠢᠴᠡᠳᠬᠡᠨ᠎ᠡ᠃ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ ᠬᠤᠪᠢᠷᠠᠯᠲᠠ ᠳᠤ ᠬᠤᠯᠪᠣᠭᠳᠠᠬᠤ ᠦᠭᠡᠢ ᠲᠥᠷᠥᠯ ᠵᠦᠢᠯ ᠳᠤ᠂ ᠨᠢᠭᠡᠨᠲᠡ ᠪᠠᠶᠢᠭ᠎ᠠ ᠭᠠᠵᠠᠷ ᠬᠡᠷᠡᠭᠯᠡᠬᠦ ᠭᠠᠷᠳᠠᠮ ᠵᠡᠷᠭᠡ ᠮᠠᠲ᠋ᠧᠷᠢᠶᠠᠯ ᠢᠶᠠᠷ ᠭᠠᠵᠠᠷ ᠰᠢᠷᠣᠢ ᠶᠢᠨ ᠭᠡᠷᠡᠴᠢᠯᠡᠬᠦ ᠪᠢᠴᠢᠭ ᠮᠠᠲ᠋ᠧᠷᠢᠶᠠᠯ ᠪᠣᠯᠭᠠᠵᠤ᠂ ᠭᠠᠵᠠᠷ ᠬᠡᠷᠡᠭᠯᠡᠬᠦ ᠭᠠᠷᠳᠠᠮ ᠢ ᠳᠠᠭᠢᠵᠤ ᠭᠦᠢᠴᠡᠳᠬᠡᠬᠦ ᠦᠭᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ ᠪᠠ ᠪᠠᠷᠢᠯᠭ᠎ᠠ ᠪᠠᠷᠢᠬᠤ ᠵᠥᠪᠰᠢᠶᠡᠷᠡᠯ ᠢ ᠨᠡᠶᠢᠯᠡᠭᠦᠯᠦᠭᠡᠳ ᠨᠢᠭᠡ ᠱᠠᠲᠤ ᠦᠶ᠎ᠡ ᠪᠣᠯᠭᠠᠨ᠎ᠠ᠃ ᠬᠠᠮᠢᠶ᠎ᠠ ᠪᠦᠬᠦᠢ ᠡᠯ᠎ᠡ ᠲᠠᠯ᠎ᠠ ᠶᠢᠨ ᠬᠢᠨ ᠬᠠᠮᠲᠤᠷᠠᠨ ᠰᠢᠯᠭᠠᠨ ᠬᠤᠷᠢᠶᠠᠬᠤ ᠶᠢ ᠬᠡᠷᠡᠭᠵᠢᠭᠦᠯᠦᠨ᠎ᠡ᠃    ᠲᠣᠰ ᠲᠥᠰᠥᠯ ᠨᠢ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ᠂ ᠣᠷᠣᠨ ᠰᠠᠭᠤᠴᠠ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ ᠲᠠᠶᠢᠯᠪᠤᠷᠢᠯᠠᠨ᠎ᠠ᠃         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3