| 2022 ᠣᠨ ᠤ 12 ᠰᠠᠷ᠎ᠠ ᠶᠢᠨ 23 ᠤ ᠡᠳᠦᠷ᠂ ᠹᠧᠩᠵᠧᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠠᠴᠠ ︽ᠹᠧᠩᠵᠧᠨ ᠬᠤᠲᠠ ᠶᠢᠨ ᠭᠡᠨᠡᠳᠲᠡ ᠡᠭᠦᠰᠦᠭᠰᠡᠨ ᠤᠰᠤᠨ ᠤ ᠪᠣᠬᠢᠷᠲᠤᠯ ᠤᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ᠢ ᠳᠠᠷᠤᠮᠠᠯᠯᠠᠨ ᠲᠠᠷᠬᠠᠭᠠᠵᠤ᠂ ᠡᠳᠦᠭᠡ ︽ᠹᠧᠩᠵᠧᠨ | ᠬᠤᠲᠠ ᠶᠢᠨ ᠭᠡᠨᠡᠳᠲᠡ ᠡᠭᠦᠰᠦᠭᠰᠡᠨ ᠤᠰᠤᠨ ᠤ ᠪᠣᠬᠢᠷᠲᠤᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ | ᠲᠥᠰᠥᠯ︾ ᠤᠨ ᠪᠣᠳᠠᠲᠠᠢ ᠲᠥᠷᠥ ᠶᠢᠨ ᠪᠣᠳᠣᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄ | | ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠵᠣᠷᠢᠯᠭ᠎ᠠ | ᠤᠯᠤᠰ ᠪᠠ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠴᠠᠪ ᠬᠤᠲᠠ ᠶᠢᠨ ᠨᠢᠭᠡᠳᠦᠯᠲᠡᠢ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠨᠢ ᠭᠡᠨᠡᠳᠲᠡ ᠡᠭᠦᠰᠬᠦ ᠤᠰᠤᠨ ᠤ | ᠪᠣᠬᠢᠷᠲᠤᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠴᠢᠬᠤᠯᠠᠳᠠᠢ | ᠤᠴᠢᠷ ᠠᠴᠠ ᠪᠦᠬᠦ ᠬᠤᠲᠠ ᠶᠢᠨ ᠭᠡᠨᠡᠳᠲᠡ ᠡᠭᠦᠰᠦᠭᠰᠡᠨ ᠤᠰᠤᠨ ᠤ ᠪᠣᠬᠢᠷᠲᠤᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠥᠯᠥᠭᠡ᠂ ᠮᠠᠨ ᠤ ᠬᠤᠲᠠ ᠶᠢᠨ ᠣᠯᠠᠨ | ᠨᠡᠶᠢᠲᠡ ᠶᠢᠨ ᠬᠢᠮᠤᠷᠠᠯ ᠳᠤ ᠬᠤᠯᠪᠣᠭᠳᠠᠭᠰᠠᠨ ᠭᠡᠨᠡᠳᠲᠡ ᠡᠭᠦᠰᠦᠭᠰᠡᠨ ᠤᠰᠤᠨ ᠤ ᠪᠣᠬᠢᠷᠲᠤᠯ ᠤᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠡᠨᠡᠳᠲᠡ ᠡᠭᠦᠰᠦᠭᠰᠡᠨ ᠤᠰᠤᠨ ᠤ | ᠪᠣᠬᠢᠷᠲᠤᠯ ᠤᠨ ᠬᠡᠷᠡᠭ ᠤᠨ ᠬᠤᠣᠷ ᠬᠥᠨᠥᠭᠡᠯ ᠢ ᠬᠢᠵᠠᠭᠠᠷᠯᠠᠨ ᠪᠠᠭᠠᠰᠬᠠᠵᠤ᠂ ᠤᠰᠤᠨ ᠤ ᠠᠮᠢ ᠠᠬᠤᠢ ᠶᠢᠨ ᠣᠷᠴᠢᠨ | ᠲᠣᠭᠤᠷᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ᠂ ᠣᠯᠠᠨ ᠨᠡᠶᠢᠲᠡ ᠶᠢᠨ ᠠᠮᠢ ᠨᠠᠰᠤ ᠡᠷᠡᠭᠦᠯ ᠮᠡᠨᠳᠦ ᠪᠠ | ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠨᠡᠶᠢᠭᠡᠮ ᠤᠨ | ᠪᠦᠬᠦ ᠲᠠᠯ᠎ᠠ ᠶᠢᠨ᠂ ᠵᠣᠬᠢᠴᠠᠩᠭᠤᠢ᠂ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠂ ᠲᠤᠰ ᠲᠥᠰᠥᠯ ᠢ | ᠣᠨᠴᠠᠭᠠᠶᠢᠯᠠᠨ ᠲᠣᠭᠲᠠᠭᠠᠪᠠ᠃ | ᠬᠤᠶᠠᠷ᠂ ᠲᠤᠭᠲᠠᠭᠠᠭᠰᠠᠨ ᠦᠨᠳᠦᠰᠦᠯᠡᠯ | ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ | ᠬᠠᠮᠠᠭᠠᠯᠠᠬᠤ ᠬᠠᠦᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ | ᠠᠷᠭᠠᠴᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠬᠠᠦᠯᠢ︾᠂ ︽ᠤᠯᠤᠰ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ︾᠂ ︽ᠤᠯᠤᠰ ᠤᠨ ᠣᠷᠴᠢᠨ ᠠᠬᠤᠢ ᠶᠢᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠦᠰᠦᠯ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠶᠡᠷᠦᠩᠬᠡᠢ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ | ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ︾᠂ ︽ᠤᠯᠠᠭᠠᠨᠴᠠᠪ | ᠬᠤᠲᠠ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ | ᠲᠥᠰᠥᠯ︾᠂ ︽ᠤᠯᠠᠭᠠᠨᠴᠠᠪ ᠬᠤᠲᠠ ᠶᠢᠨ ᠣᠷᠴᠢᠨ ᠠᠬᠤᠢ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠶᠡᠷᠦᠩᠬᠡᠢ ᠲᠥᠰᠥᠯ︾ ᠵᠢᠴᠢ ︽ᠹᠧᠩᠵᠧᠨ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠡᠷᠦᠩᠬᠡᠢ ᠲᠥᠰᠥᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡ᠃ | ᠭᠤᠷᠪᠠ᠂ ᠨᠣᠣᠷᠠᠭᠯᠠᠭᠰᠠᠨ ᠪᠠ ᠲᠣᠭᠲᠠᠭᠠᠭᠰᠠᠨ ᠶᠠᠪᠤᠴᠠ | ︽ᠹᠧᠩᠵᠧᠨ ᠬᠤᠲᠠ ᠶᠢᠨ ᠭᠡᠨᠡᠳᠲᠡ ᠡᠭᠦᠰᠦᠭᠰᠡᠨ ᠤᠰᠤᠨ ᠤ ᠪᠣᠬᠢᠷᠲᠤᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠲᠥᠰᠥᠯ︾ ᠢ ᠤᠯᠠᠭᠠᠨᠴᠠᠪ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ | ᠹᠧᠩᠵᠧᠨ ᠬᠤᠲᠠ ᠶᠢᠨ ᠬᠤᠪᠢᠶᠠᠷᠢ ᠲᠣᠪᠴᠢᠶ᠎ᠠ ᠠᠴᠠ 2022 ᠣᠨ ᠤ 4 ᠰᠠᠷ᠎ᠠ ᠳᠤ ᠲᠤᠭᠤᠷᠪᠢᠭᠰᠠᠨ ᠪᠥᠭᠡᠳ | ᠬᠤᠯᠪᠣᠭᠳᠠᠯ ᠪᠦᠬᠦᠢ ᠨᠢᠭᠡᠴᠡ ᠠᠴᠠ ᠰᠠᠨᠠᠯ ᠬᠤᠷᠢᠶᠠᠵᠤ᠂ ᠬᠠᠷᠢᠭᠤ ᠲᠤᠰᠬᠠᠭᠰᠠᠨ ᠰᠠᠨᠠᠯ ᠪᠠ ᠰᠠᠨᠠᠭᠤᠯᠭ᠎ᠠ ᠶᠢ | ᠦᠨᠳᠦᠰᠦᠯᠡᠨ ᠨᠥᠬᠦᠪᠦᠷᠢᠯᠡᠨ ᠲᠡᠭᠦᠯᠳᠡᠷᠵᠢᠭᠦᠯᠦᠭᠰᠡᠨ ᠪᠥᠭᠡᠳ ᠡᠴᠦᠰ ᠤᠨ ᠡᠬᠡ ᠪᠢᠴᠢᠭ ᠪᠣᠯᠭᠠᠬᠤ ᠶᠢᠨ ᠬᠠᠮᠲᠤ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠬᠢᠨᠠᠨ ᠰᠢᠯᠭᠠᠷᠠᠭᠤᠯᠵᠤ᠂ ᠵᠠᠰᠠᠭ ᠤᠨ ᠣᠷᠳᠣᠨ ᠤ 2022 | ᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠪᠠ᠃ | ᠳᠥᠷᠪᠡ᠂ ᠪᠡᠯᠡᠳᠬᠡᠯ ᠲᠥᠰᠥᠯ ᠤᠨ ᠭᠤᠣᠯ ᠠᠭᠤᠯᠭ᠎ᠠ | ᠹᠧᠩᠵᠧᠨ ᠬᠤᠲᠠ ᠶᠢᠨ ᠤᠰᠤᠨ ᠤ ᠪᠣᠬᠢᠷᠲᠤᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠳᠤ ᠹᠧᠩᠵᠧᠨ ᠬᠤᠲᠠ ᠶᠢᠨ ᠤᠰᠤᠨ ᠤ | ᠪᠣᠬᠢᠷᠲᠤᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ ᠢ ᠪᠠᠶᠢᠭᠤᠯᠵᠤ᠂ | ᠹᠧᠩᠵᠧᠨ ᠬᠤᠲᠠ ᠶᠢᠨ ᠤᠰᠤᠨ ᠤ ᠪᠣᠬᠢᠷᠲᠤᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠭᠠᠬᠤ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠤᠨ᠎ᠠ᠃ ᠹᠧᠩᠵᠧᠨ | ᠬᠤᠲᠠ ᠶᠢᠨ ᠭᠡᠨᠡᠳᠲᠡ ᠡᠭᠦᠰᠦᠭᠰᠡᠨ ᠤᠰᠤᠨ ᠤ ᠪᠣᠬᠢᠷᠲᠤᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠤᠭᠤᠳᠬᠤ ᠭᠠᠵᠠᠷ ᠤᠨ ᠠᠯᠪᠠᠨ ᠭᠡᠷ ᠢ ᠤᠯᠠᠭᠠᠨᠴᠠᠪ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠶᠢᠨ ᠹᠧᠩᠵᠧᠨ ᠬᠤᠲᠠ ᠶᠢᠨ ᠬᠤᠪᠢᠶᠠᠷᠢ ᠲᠣᠪᠴᠢᠶ᠎ᠠ ᠳᠤ ᠲᠣᠬᠢᠷᠠᠭᠤᠯᠪᠠ᠃ ᠪᠠᠴᠢᠮ ᠪᠠᠶᠢᠳᠠᠯ ᠢ | ᠠᠷᠭᠠᠴᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ ᠳᠣᠣᠷ᠎ᠠ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ | ᠪᠠᠴᠢᠮ ᠪᠠᠶᠢᠳᠠᠯ ᠢ ᠠᠷᠭᠠᠴᠠᠭᠠᠬᠤ ᠪᠠᠶᠢᠴᠠᠭᠠᠯᠲᠠ ᠶᠢᠨ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠭᠠᠬᠤ ᠬᠢᠨᠠᠨ | ᠬᠡᠮᠵᠢᠬᠦ ᠳᠤᠭᠤᠶᠢᠯᠠᠩ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤᠭᠤᠶᠢᠯᠠᠩ᠂ ᠡᠮᠴᠢᠯᠡᠭᠡᠨ ᠤ ᠠᠪᠤᠷᠠᠨ | ᠵᠠᠰᠠᠬᠤ ᠳᠤᠭᠤᠶᠢᠯᠠᠩ᠂ ᠠᠮᠤᠷ ᠢ ᠬᠠᠮᠠᠭᠠᠯᠠᠬᠤ ᠪᠠᠲᠤᠯᠠᠭ᠎ᠠ ᠶᠢᠨ ᠳᠤᠭᠤᠶᠢᠯᠠᠩ᠂ ᠤᠬᠠᠭᠤᠯᠭ᠎ᠠ ᠮᠡᠳᠡᠭᠡ ᠵᠠᠩᠭᠢ ᠶᠢᠨ | ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠯᠠᠪᠯᠠᠯᠭ᠎ᠠ ᠥᠭᠬᠦ ᠳᠤᠭᠤᠶᠢᠯᠠᠩ ᠵᠡᠷᠭᠡ ᠨᠡᠶᠢᠲᠡ 8 ᠳᠤᠭᠤᠶᠢᠯᠠᠩ | ᠭᠠᠷᠭᠠᠪᠠ᠃ | ᠤᠯᠤᠰ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠳᠡᠰ ᠬᠤᠪᠢᠶᠠᠬᠤ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭ ᠤᠨ ᠬᠦᠨᠳᠦ ᠨᠣᠴᠢᠲᠠᠢ | ᠬᠡᠮᠵᠢᠶ᠎ᠡ ᠶᠢ ᠦᠨᠳᠦᠰᠦᠯᠡᠨ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠣᠨᠴᠠ ᠬᠦᠨᠳᠦ ᠶᠡᠭᠡ ᠣᠷᠴᠢᠨ | ᠲᠣᠭᠤᠷᠢᠨ ᠤ ᠭᠡᠨᠡᠳᠲᠡ ᠶᠢᠨ ᠬᠡᠷᠡᠭ ︵Ⅰ ᠳᠡᠰ︶᠂ ᠣᠷᠴᠢᠨ ᠲᠣᠭᠤᠷᠢᠨ ᠤ ᠭᠡᠨᠡᠳᠲᠡ ᠶᠢᠨ ᠬᠦᠨᠳᠦ ᠶᠡᠭᠡ ᠬᠡᠷᠡᠭ | ︵Ⅱ ᠳᠡᠰ︶᠂ ᠨᠡᠯᠢᠶᠡᠳ ᠶᠡᠭᠡ ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ︵Ⅲ ᠳᠡᠰ︶ ᠪᠠ ᠡᠩ ᠤᠨ | ᠭᠡᠨᠡᠳᠲᠡ ᠶᠢᠨ ᠣᠷᠴᠢᠨ ᠲᠣᠭᠤᠷᠢᠨ ᠤ ᠬᠡᠷᠡᠭ ︵Ⅳ ᠳᠡᠰ︶ ᠭᠡᠵᠦ ᠳᠥᠷᠪᠡᠨ ᠳᠡᠰ ᠬᠤᠪᠢᠶᠠᠨ᠎ᠠ᠃ ᠭᠡᠨᠡᠳᠲᠡ | ᠡᠭᠦᠰᠦᠭᠰᠡᠨ ᠤᠰᠤᠨ ᠤ ᠪᠣᠬᠢᠷᠲᠤᠯ ᠤᠨ ᠬᠡᠷᠡᠭ ᠤᠨ ᠰᠢᠨᠵᠢ ᠴᠢᠨᠠᠷ ᠪᠠ ᠨᠥᠯᠥᠭᠡᠯᠡᠬᠦ ᠪᠣᠯᠣᠮᠵᠢ ᠲᠠᠢ ᠣᠷᠣᠨ | ᠪᠦᠰᠡ ᠶᠢᠨ ᠬᠡᠪᠴᠢᠶ᠎ᠡ ᠶᠢ ᠦᠨᠳᠦᠰᠦᠯᠡᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠡᠨᠡᠳᠲᠡ ᠡᠭᠦᠰᠦᠭᠰᠡᠨ | ᠪᠣᠬᠢᠷᠲᠤᠯ ᠤᠨ ᠬᠡᠷᠡᠭ᠂ ᠬᠤᠲᠠ ᠶᠢᠨ ᠵᠠᠰᠠᠭ ᠪᠤᠶᠤ ᠠᠵᠤ ᠠᠬᠤᠶᠢᠯᠠᠯ ᠤᠨ ᠪᠣᠬᠢᠷ ᠤᠰᠤᠨ ᠤ ᠭᠡᠨᠡᠳᠲᠡ ᠶᠢᠨ ᠬᠡᠷᠡᠭ | ᠂ ᠭᠠᠮᠰᠢᠭ ᠤᠨ ᠴᠢᠨᠠᠷᠲᠠᠢ ᠬᠡᠷᠡᠭ ᠠᠴᠠ ᠡᠭᠦᠰᠦᠭᠰᠡᠨ ᠤᠰᠤᠨ ᠤ ᠪᠣᠬᠢᠷᠲᠤᠯ ᠤᠨ ᠬᠡᠷᠡᠭ ᠵᠢᠴᠢ ᠮᠠᠭᠤ | ᠰᠠᠨᠠᠭ᠎ᠠ ᠲᠠᠢ ᠪᠠᠷ ᠪᠣᠬᠢᠷᠲᠤᠯ ᠢ ᠭᠠᠳᠠᠭᠰᠢᠯᠠᠭᠤᠯᠤᠭᠰᠠᠨ ᠠᠴᠠ ᠡᠭᠦᠰᠦᠭᠰᠡᠨ ᠤᠰᠤᠨ ᠤ ᠪᠣᠬᠢᠷᠲᠤᠯ ᠤᠨ ᠬᠡᠷᠡᠭ ᠵᠡᠷᠭᠡ | ᠳᠥᠷᠪᠡᠨ ᠲᠥᠷᠥᠯ ᠳᠤ ᠬᠤᠪᠢᠶᠠᠨ᠎ᠠ᠃ | ᠤᠷᠢᠳᠴᠢᠯᠠᠨ ᠰᠡᠷᠡᠮᠵᠢᠯᠡᠭᠦᠯᠵᠦ ᠪᠣᠯᠬᠤ ᠤᠰᠤᠨ ᠤ ᠪᠣᠬᠢᠷᠲᠤᠯ ᠤᠨ ᠭᠡᠨᠡᠳᠲᠡ ᠶᠢᠨ ᠬᠡᠷᠡᠭ ᠢ ᠪᠣᠯ᠂ ᠬᠡᠷᠡᠭ | ᠡᠭᠦᠰᠬᠦ ᠪᠣᠯᠣᠮᠵᠢ ᠶᠢᠨ ᠶᠡᠭᠡ ᠪᠠᠭ᠎ᠠ᠂ ᠪᠠᠴᠢᠮ ᠪᠠᠶᠢᠳᠠᠯ ᠪᠠ ᠤᠴᠠᠷᠠᠭᠤᠯᠵᠤ ᠮᠡᠳᠡᠬᠦ ᠬᠥᠨᠥᠭᠡᠯ ᠤᠨ ᠬᠡᠮᠵᠢᠶ᠎ᠡ ᠶᠢ | ᠦᠨᠳᠦᠰᠦᠯᠡᠨ᠂ ᠤᠷᠢᠳᠴᠢᠯᠠᠨ ᠰᠡᠷᠡᠮᠵᠢᠯᠡᠬᠦ ᠶᠢ Ⅰ ᠲᠠᠰ᠂ Ⅱ ᠲᠠᠰ᠂ Ⅲ ᠲᠠᠰ ᠪᠠ Ⅳ ᠲᠠᠰ ᠬᠤᠪᠢᠶᠠᠵᠤ᠂ | ᠲᠣᠰ ᠲᠣᠰ ᠤᠯᠠᠭᠠᠨ᠂ ᠤᠯᠠᠪᠤᠷ᠂ ᠰᠢᠷ᠎ᠠ᠂ ᠬᠥᠬᠡ ᠥᠩᠭᠡ ᠪᠠᠷ ᠢᠯᠡᠷᠬᠡᠶᠢᠯᠡᠵᠦ᠂ Ⅰ ᠲᠠᠰ ᠨᠢ ᠬᠠᠮᠤᠭ ᠤᠨ | ᠥᠨᠳᠥᠷ ᠲᠠᠰ ᠪᠣᠯᠣᠨ᠎ᠠ᠃ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠤ ᠴᠢᠩᠭ᠎ᠠ ᠨᠢᠮᠪᠠᠢ ᠬᠢᠨᠠᠨ ᠭᠠᠷ ᠤᠨ ᠥᠰᠥᠭ ᠵᠢᠷᠤᠬᠤ | ᠳᠦᠷᠢᠮ ᠢ ᠬᠡᠷᠡᠭᠵᠢᠭᠦᠯᠵᠦ᠂ ᠤᠯᠠᠭᠠᠨ ︵Ⅰ ᠲᠠᠰ︶ ᠤᠨ ᠰᠡᠷᠡᠮᠵᠢᠯᠡᠭᠦᠯᠦᠯ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠷᠬᠡ ᠣᠯᠭᠤᠯᠲᠠ ᠶᠢ | ᠦᠨᠳᠦᠰᠦᠯᠡᠨ ᠬᠠᠷᠢᠭᠤᠴᠠᠨ ᠨᠡᠶᠢᠲᠡᠯᠡᠨ᠎ᠡ︔ ᠤᠯᠠᠪᠤᠷ ︵Ⅱ ᠲᠠᠰ︶ ᠤᠨ ᠰᠡᠷᠡᠮᠵᠢᠯᠡᠭᠦᠯᠦᠯ ᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠨ᠎ᠡ︔ ᠰᠢᠷ᠎ᠠ ︵Ⅲ ᠲᠠᠰ︶ ᠥᠩᠭᠡ ᠶᠢᠨ | ᠰᠡᠷᠡᠮᠵᠢᠯᠡᠭᠦᠯᠦᠯ ᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠨ᠎ᠡ︔ ᠬᠥᠬᠡ ︵ | Ⅳ ᠳᠡᠰ︶ ᠤᠨ ᠰᠡᠷᠡᠮᠵᠢᠯᠡᠭᠦᠯᠦᠯ ᠢ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠨ᠎ᠡ᠃ | | ᠣᠯᠠᠨ ᠨᠡᠶᠢᠲᠡ ᠶᠢᠨ ᠭᠡᠯᠮᠡᠭᠳᠡᠯ ᠢ ᠡᠭᠦᠰᠬᠡᠵᠦ ᠮᠡᠳᠡᠬᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠵᠦ | ᠮᠡᠳᠡᠬᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠭᠤᠣᠯ ᠤᠳᠤᠷᠢᠳᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠢ᠃ | ᠰᠡᠷᠡᠮᠵᠢᠯᠡᠭᠦᠯᠬᠦ ᠮᠡᠳᠡᠭᠡ ᠵᠠᠩᠭᠢ ᠶᠢ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ᠂ ᠹᠸᠡᠭᠵᠧᠨ ᠬᠤᠳᠠ ᠶᠢᠨ | ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠥᠪ ᠢᠶᠠᠷ ᠳᠠᠮᠵᠢᠭᠤᠯᠤᠨ ᠨᠡᠶᠢᠲᠡᠯᠡᠬᠦ | ᠪᠤᠶᠤ ᠬᠡᠷᠡᠭᠴᠡᠭᠡ ᠪᠠᠨ ᠦᠨᠳᠦᠰᠦᠯᠡᠨ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠨ᠎ᠡ᠃ | ᠲᠠᠪᠤ᠂ ᠬᠡᠷᠡᠭᠯᠡᠬᠦ ᠬᠡᠪᠴᠢᠶ᠎ᠡ | ᠹᠧᠩᠵᠧᠨ ᠬᠤᠲᠠ ᠶᠢᠨ ᠬᠠᠷᠢᠶ᠎ᠠ ᠲᠣᠭᠤᠷᠢᠭ ᠲᠤ ᠡᠭᠦᠰᠦᠭᠰᠡᠨ ᠤᠰᠤᠨ ᠤ ᠪᠣᠬᠢᠷᠲᠤᠯ ᠤᠨ ᠣᠷᠴᠢᠨ | ᠲᠣᠭᠤᠷᠢᠨ ᠤ ᠭᠡᠨᠡᠳᠲᠡ ᠶᠢᠨ ᠬᠡᠷᠡᠭ ᠲᠤ ᠲᠣᠬᠢᠷᠠᠨ᠎ᠠ᠃ | | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | | | |