︽ᠹᠧᠩᠵᠧᠨ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/14
     ᠨᠢᠭᠡ᠂ ᠣᠷᠣᠨ ᠲᠣᠭᠠᠨ ᠤ ᠠᠬᠤᠢ ᠪᠠᠶᠢᠳᠠᠯ    ᠳᠣᠯᠣᠳᠤᠭᠠᠷ ᠤᠳᠠᠭᠠᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠬᠤᠲᠠ ᠨᠢᠭᠡᠨᠲᠡ ᠬᠥᠮᠥᠨ ᠠᠮᠠ ᠶᠢᠨ ᠨᠠᠰᠤᠵᠢᠯᠲᠠ ᠶᠢᠨ ᠨᠡᠶᠢᠭᠡᠮ ᠳᠤ ᠣᠷᠣᠭᠰᠠᠨ ᠪᠥᠭᠡᠳ ᠨᠠᠰᠤᠲᠠᠶᠢᠴᠤᠳ ᠤᠨ ᠬᠥᠮᠥᠨ ᠠᠮᠠ ᠶᠢᠨ ᠬᠡᠪᠴᠢᠶ᠎ᠡ ᠡᠳᠦᠷ ᠢᠷᠡᠬᠦᠶ᠎ᠡ ᠥᠷᠭᠡᠳᠴᠦ᠂ ᠨᠠᠰᠤᠵᠢᠯᠲᠠ ᠶᠢᠨ ᠬᠡᠮᠵᠢᠶ᠎ᠡ ᠡᠳᠦᠷ ᠢᠷᠡᠬᠦᠶ᠎ᠡ ᠭᠦᠨᠵᠡᠭᠡᠶᠢᠷᠡᠵᠦ ᠪᠠᠶᠢᠨ᠎ᠠ᠃ ᠬᠥᠮᠥᠨ ᠠᠮᠠ ᠶᠢᠨ ᠨᠠᠰᠤᠵᠢᠯᠲᠠ ᠶᠢ ᠪᠦᠲᠦᠮᠵᠢᠲᠡᠶ ᠠᠷᠭᠠᠴᠠᠭᠠᠬᠤ ᠨᠢ ᠬᠥᠭᠵᠢᠯᠲᠡ ᠶᠢᠨ ᠪᠥᠬᠦ ᠲᠠᠯ᠎ᠠ ᠪᠠ ᠠᠷᠠᠳ ᠣᠯᠠᠨ ᠤ ᠠᠵᠠ ᠵᠢᠷᠭᠠᠯ ᠳᠤ ᠬᠤᠯᠪᠣᠭᠳᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠰᠤᠲᠠᠶᠢᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ  ᠦᠵᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠭᠠᠬᠤ ᠶᠠᠪᠤᠳᠠᠯ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠲᠣᠭᠲᠠᠭᠠᠵᠤ᠂ ᠶᠡᠷᠦᠩᠬᠡᠢ ᠱᠦᠵᠢ ᠰᠢ ᠶᠢᠨ ᠫᠢᠩ ᠨᠠᠰᠤᠵᠢᠯ ᠤᠨ ᠠᠵᠢᠯ ᠤᠨ ᠲᠤᠬᠠᠢ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠠᠰᠤᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠦᠨᠡᠨ ᠬᠦ ᠰᠠᠶᠢᠲᠤᠷ ᠬᠢᠵᠦ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠦᠷᠢᠨᠰᠢᠭᠦᠯᠵᠦ᠂ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠵᠣᠯ ᠵᠢᠷᠭᠠᠯᠲᠤ ᠥᠲᠡᠯᠦᠭᠡ ᠨᠠᠰᠤ ᠶᠢ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠥᠮᠥᠨ ᠠᠮᠠ ᠶᠢᠨ ᠨᠠᠰᠤᠵᠢᠯᠲᠠ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠲᠤ ᠴᠢᠭᠯᠡᠭᠦᠯᠦᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠦ᠂ ᠤᠶᠤᠨ ᠤ ᠰᠣᠶᠣᠯ ᠤᠨ ᠠᠮᠢᠳᠤᠷᠠᠯ᠂ ᠨᠡᠶᠢᠭᠡᠮ ᠤᠨ ᠣᠷᠤᠯᠴᠠᠯᠭ᠎ᠠ ᠵᠡᠷᠭᠡ ᠲᠠᠯ᠎ᠠ ᠪᠠᠷ ︽ᠪᠠᠴᠢᠮ ᠬᠦᠴᠢᠷ ᠵᠣᠪᠠᠭᠤᠷᠢ ᠬᠦᠰᠡᠯ︾ ᠢ ᠬᠦᠴᠦᠯᠡᠨ ᠰᠢᠢᠳᠪᠦᠷᠢᠯᠡᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠵᠦ᠂ ︽ᠹᠧᠩᠵᠧᠨ ᠬᠤᠳᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ᠶᠢ ᠴᠠᠭ ᠲᠤᠬᠠᠢ ᠳᠤᠨᠢ ᠨᠡᠶᠢᠲᠡᠯᠡᠪᠡ᠃     ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ    ︽ᠰᠢᠨ᠎ᠡ ᠴᠠᠭ ᠦᠶ᠎ᠡ ᠶᠢᠨ ᠨᠠᠰᠤᠵᠢᠯ ᠤᠨ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠤᠨ ᠨᠠᠰᠤᠵᠢᠯ ᠤᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠵᠣᠷᠢᠭ ᠰᠠᠨᠠᠭᠠᠨ ᠤ ᠶᠣᠰᠣᠭᠠᠷ᠂ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠪᠠᠷ᠂ ︽ᠹᠧᠩᠵᠧᠨ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ᠶᠢ ᠲᠣᠭᠲᠠᠭᠠᠪᠠ᠃     ᠭᠤᠷᠪᠠ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ    ︽ᠹᠧᠩᠵᠧᠨ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ︾ ᠳᠤ ᠡᠳ᠋ ᠪᠣᠳᠠᠰ ᠢᠶᠠᠷ ᠬᠠᠪᠰᠤᠷᠬᠤ᠂ ᠬᠠᠷᠠᠭᠠᠯᠵᠠᠨ ᠠᠰᠠᠷᠠᠬᠤ ᠦᠢᠯᠡᠴᠢᠯᠡᠭᠡ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠪᠠᠷ ᠲᠡᠳᠬᠦᠨ ᠳᠡᠮᠵᠢᠬᠦ ᠵᠡᠷᠭᠡ 3 ᠲᠥᠷᠥᠯ ᠤᠨ ᠦᠢᠯᠡᠴᠢᠯᠡᠭᠡᠨ ᠤ ᠵᠦᠢᠯᠡᠰ ᠪᠠᠭᠲᠠᠵᠤ᠂ ᠨᠡᠶᠢᠲᠡ 22 ᠪᠣᠳᠠᠲᠠᠢ ᠵᠦᠢᠯᠡᠰ ᠪᠣᠶ᠃ ᠲᠣᠳᠣᠷᠬᠠᠢ ᠬᠠᠭᠤᠳᠠᠰᠤᠨ ᠳᠤ ︽ᠤᠯᠠᠭᠠᠨᠴᠠᠪ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ ︵2022 ᠳ᠋ᠤᠭᠠᠷ ᠨᠢᠭᠤᠷ︶︾ ᠶᠢᠨ ᠪᠥᠬᠦ ᠠᠭᠤᠯᠭ᠎ᠠ ᠶᠢ ᠬᠠᠮᠤᠷᠤᠭᠰᠠᠨ ᠪᠥᠭᠡᠳ ᠮᠠᠨ ᠤ ᠬᠤᠲᠠ ᠶᠢᠨ ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠴᠢᠭᠯᠡᠭᠦᠯᠦᠨ ᠨᠡᠶᠢᠲᠡᠯᠡᠭᠰᠡᠨ ᠠᠷᠠᠳ ᠲᠤ ᠠᠰᠢᠭ ᠬᠦᠷᠲᠡᠭᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠮᠬᠢᠯᠡᠨ ᠪᠠᠶᠠᠯᠢᠭᠵᠢᠭᠤᠯᠵᠤ ᠲᠡᠭᠦᠯᠳᠡᠷᠵᠢᠭᠦᠯᠪᠡ᠃ ᠲᠣᠳᠣᠷᠬᠠᠢ ᠬᠠᠭᠤᠳᠠᠰᠤᠨ ᠳᠤ ᠮᠠᠨ ᠤ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ᠂ ᠦᠢᠯᠡᠴᠢᠯᠡᠭᠡᠨ ᠤ ᠲᠥᠷᠥᠯ ᠬᠡᠯᠪᠡᠷᠢ᠂ ᠦᠢᠯᠡᠴᠢᠯᠡᠬᠦ ᠡᠲᠡᠭᠡᠳ᠂ ᠦᠢᠯᠡᠴᠢᠯᠡᠬᠦ ᠠᠭᠤᠯᠭ᠎ᠠ ᠵᠢᠴᠢ ᠪᠠᠷᠢᠮᠵᠢᠶ᠎ᠠ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠢ ᠲᠣᠭᠲᠠᠭᠠᠪᠠ᠃    ᠨᠢᠭᠡᠳᠦᠭᠡᠷ ᠲᠦᠷᠦᠯ᠄ ᠡᠳ᠋ ᠪᠣᠳᠠᠰ ᠢᠶᠠᠷ ᠲᠤᠰᠠᠯᠠᠬᠤ᠃ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ᠂ ᠥᠨᠳᠥᠷ ᠨᠠᠰᠤᠨ ᠤ ᠨᠡᠮᠡᠭᠦᠷᠢ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠦᠷᠢ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠯᠲᠠ ᠂ ᠣᠨᠴᠠ ᠬᠦᠴᠢᠷᠳᠡᠯ ᠲᠠᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠣᠨᠴᠣᠭᠤᠢ ᠳᠡᠮᠵᠢᠨ ᠲᠤᠰᠠᠯᠠᠬᠤ ᠮᠥᠩᠭᠦ᠂ ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠦᠷᠢ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠤᠨ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠪᠣᠯᠣᠨ᠎ᠠ᠃    ᠬᠤᠶᠠᠳᠤᠭᠠᠷ ᠲᠥᠷᠥᠯ᠄ ᠬᠠᠷᠠᠭᠠᠯᠵᠠᠨ ᠠᠰᠠᠷᠠᠬᠤ ᠦᠢᠯᠡᠴᠢᠯᠡᠭᠡ᠃ ᠡᠭᠦᠨ ᠳᠤ ᠨᠠᠰᠤᠲᠠᠶᠢᠴᠤᠳ ᠤᠨ ᠴᠢᠳᠠᠪᠤᠷᠢ ᠶᠢ ᠶᠡᠷᠦᠩᠬᠡᠶᠢᠯᠡᠨ ᠦᠨᠡᠯᠡᠨ ᠵᠢᠱᠢᠬᠦ᠂ ᠣᠨᠴᠠᠭᠠᠶ ᠬᠦᠴᠢᠷᠳᠡᠯ ᠲᠠᠢ ᠨᠠᠰᠤᠲᠠᠶᠢᠴᠤᠳ ᠤᠨ ᠭᠡᠷ ᠲᠤᠨᠢ ᠨᠠᠰᠤᠵᠢᠯ ᠤᠨ ᠠᠰᠠᠷᠠᠮᠵᠢ ᠶᠢ ᠥᠭᠡᠷᠡᠴᠢᠯᠡᠬᠦ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢ ᠳᠡᠮᠵᠢᠬᠦ ᠦᠢᠯᠡᠴᠢᠯᠡᠭᠡ ᠂ ᠲᠥᠪᠯᠡᠷᠡᠭᠦᠯᠦᠨ ᠠᠰᠠᠷᠠᠨ ᠲᠡᠵᠢᠭᠡᠬᠦ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢ ᠤᠷᠢᠳᠠᠪᠠᠷ ᠭᠥᠷᠳᠡᠬᠦ᠂ ᠨᠠᠰᠤᠲᠠᠶᠢᠴᠤᠳ ᠤᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠵᠡᠷᠭᠡ ᠶᠢ ᠪᠠᠭᠲᠠᠭᠠᠨ᠎ᠠ᠃    ᠭᠤᠷᠪᠠᠳᠤᠭᠠᠷ ᠲᠥᠷᠥᠯ᠄ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ᠃ ᠡᠭᠦᠨ ᠳᠤ ᠣᠨᠴᠠᠭᠠᠶ ᠬᠦᠴᠢᠷᠳᠡᠯ ᠲᠠᠢ ᠨᠠᠰᠤᠲᠠᠶᠢᠴᠤᠳ ᠢ ᠲᠣᠭᠤᠷᠢᠨ ᠰᠤᠷᠪᠤᠯᠵᠢᠯᠠᠵᠤ ᠬᠠᠯᠠᠮᠵᠢᠯᠠᠨ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠣᠷᠣᠵᠤ ᠰᠠᠭᠤᠬᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠰᠤᠲᠠᠶᠢᠴᠤᠳ ᠢ ᠬᠦᠨᠳᠦᠯᠡᠬᠦ ᠬᠠᠷᠠᠭᠠᠯᠵᠠᠯ ᠵᠡᠷᠭᠡ ᠪᠠᠭᠲᠠᠨ᠎ᠠ᠃     ᠳᠣᠯᠣᠳᠤᠭᠠᠷ ᠤᠳᠠᠭᠠᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠪᠠ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠪᠠ᠃ ᠲᠣᠳᠣᠷᠬᠠᠢ ᠬᠠᠭᠤᠳᠠᠰᠤ ᠶᠢ ᠨᠡᠶᠢᠲᠡᠯᠡᠬᠦ ᠨᠢ ᠮᠠᠨ ᠤ ᠬᠤᠲᠠ ᠶᠢᠨ ᠵᠠᠰᠠᠭ ᠤᠨ ᠣᠷᠳᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠭᠡᠷ ᠪᠦᠯᠢ ᠪᠠ ᠦᠷ᠎ᠡ ᠬᠡᠦᠬᠡᠳ ᠤᠨ ᠠᠴᠢᠯᠠᠨ ᠲᠡᠵᠢᠭᠡᠬᠦ ᠡᠭᠦᠷᠭᠡ ᠪᠠᠨ ᠰᠠᠶᠢᠲᠤᠷ ᠭᠦᠢᠴᠡᠳᠬᠡᠬᠦ ᠶᠢ ᠰᠢᠪᠠᠳᠠᠨ ᠱᠠᠭᠠᠷᠳᠠᠵᠤ᠂ ᠪᠥᠬᠦ ᠨᠡᠶᠢᠭᠡᠮ ᠢᠶᠠᠷ ᠢᠶᠠᠨ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠠᠰᠢᠭᠲᠠᠢ ᠶᠤᠮ᠃        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3