︽ᠹᠧᠩᠵᠧᠨ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/14
    ᠨᠢᠭᠡ᠂ ᠲᠥᠰᠥᠯ ᠲᠣᠭᠲᠠᠭᠠᠭᠰᠠᠨ ᠠᠬᠤᠢ ᠪᠠᠶᠢᠳᠠᠯ    ᠨᠠᠮ ᠤᠨ ᠲᠥᠪ ᠬᠤᠷᠢᠶ᠎ᠠ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠬᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠢᠯᠦᠭᠡᠲᠡᠢ ᠪᠣᠯᠭᠠᠬᠤ ᠵᠡᠷᠭᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠢᠯᠡᠷᠭᠡᠢ ᠦᠷ᠎ᠡ ᠪᠦᠳᠦᠮᠵᠢ ᠤᠯᠪᠠ᠃ ᠭᠡᠪᠡᠴᠦ ᠶᠡᠷᠦᠩᠬᠡᠢ ᠳᠤᠨᠢ ᠠᠪᠴᠤ ᠦᠵᠡᠪᠡᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠠᠷᠠᠬᠠᠨ ᠭᠦᠢᠴᠡᠳ ᠬᠥᠭᠵᠢᠭᠡᠵᠦ ᠳᠡᠶᠢᠯᠦᠭᠡᠳᠦᠢ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ᠂ ᠪᠦᠲᠦᠮᠵᠢᠲᠡᠶ ᠬᠠᠩᠭᠠᠯᠭ᠎ᠠ ᠬᠦᠷᠦᠯᠴᠡᠬᠦ ᠦᠭᠡᠢ᠂ ᠦᠢᠯᠡᠴᠢᠯᠡᠭᠡᠨ ᠤ ᠶᠠᠰᠤ ᠴᠢᠨᠠᠷ ᠥᠨᠳᠥᠷ ᠪᠢᠰᠢ ᠵᠡᠷᠭᠡ ᠠᠰᠠᠭᠤᠳᠠᠯ ᠮᠥᠨ ᠬᠦ ᠣᠷᠣᠰᠢᠵᠤ᠂ ᠠᠷᠠᠳ ᠣᠯᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠷᠠᠬᠠᠨ ᠪᠦᠲᠦᠮᠵᠢᠲᠡᠶ ᠬᠠᠩᠭᠠᠵᠤ ᠳᠡᠶᠢᠯᠦᠭᠡᠳᠦᠢ ᠪᠠᠶᠢᠨ᠎ᠠ᠃ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ ᠤᠨ ᠪᠣᠳᠠᠲᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠭᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠦᠷᠢ ᠪᠣᠯᠭᠠᠭᠰᠠᠨ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠪᠣᠯᠣᠨ ᠨᠠᠩ ᠠᠮᠤᠷ ᠲᠦᠪᠰᠢᠨ᠂ ᠨᠠᠩ ᠳᠥᠭᠦᠮ ᠳᠥᠲᠡ ᠬᠠᠷᠰᠢ ᠰᠠᠭᠠᠳ ᠦᠭᠡᠢ ᠪᠡᠯᠡᠳᠬᠡᠮᠵᠢ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠪᠥᠬᠦ ᠬᠤᠲᠠ ᠶᠢᠨ ᠨᠠᠰᠤᠲᠠᠶᠢᠴᠤᠳ᠂ ᠵᠡᠮᠳᠡᠭᠴᠦᠳ ᠵᠡᠷᠭᠡ ᠨᠡᠶᠢᠭᠡᠮ ᠤᠨ ᠪᠠᠭᠤᠷᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠮᠠᠨ ᠤ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ ᠳᠤᠲᠠᠭᠳᠠᠵᠤ ᠪᠠᠶᠢᠭ᠎ᠠ ᠠᠰᠠᠭᠤᠳᠠᠯ ᠢ ᠭᠦᠢᠴᠡᠳ ᠨᠥᠬᠦᠪᠦᠷᠢᠯᠡᠵᠦ᠂ ᠲᠣᠰ ᠲᠥᠰᠥᠯ ᠢ ᠲᠣᠭᠲᠠᠭᠠᠨ ᠨᠡᠶᠢᠲᠡᠯᠡᠪᠡ᠃     ᠬᠤᠶᠠᠷ᠂ ᠲᠥᠰᠥᠯ ᠲᠤᠭᠲᠠᠭᠠᠭᠰᠠᠨ ᠦᠨᠳᠦᠰᠦᠯᠡᠯ    ︽ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠵᠢᠴᠢ ︽ᠤᠯᠠᠭᠠᠨᠴᠠᠪ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠲᠣᠬᠢᠷᠠᠭᠤᠯᠤᠨ ᠪᠠᠶᠢᠭᠤᠯᠬᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠬᠠᠷᠰᠢ ᠰᠠᠭᠠᠳ ᠦᠭᠡᠢ ᠪᠠᠶᠢᠯᠭᠠᠬᠤ ᠬᠡᠷᠡᠭᠵᠢᠭᠦᠯᠬᠦ ᠲᠥᠰᠥᠯ ᠤᠨ ᠮᠡᠳᠡᠭᠳᠡᠯ︾ ᠢ ᠦᠨᠳᠦᠰᠦᠯᠡᠨ ᠲᠣᠰ ᠲᠥᠰᠥᠯ ᠢ ᠲᠣᠭᠲᠠᠭᠠᠪᠠ᠃     ᠭᠤᠷᠪᠠ᠂ ᠲᠥᠰᠥᠯ ᠤᠨ ᠭᠤᠣᠯ ᠠᠭᠤᠯᠭ᠎ᠠ    ᠨᠢᠭᠡ ᠳᠤ᠂ ᠬᠠᠷᠠᠯᠲᠠ ᠡᠭᠦᠷᠭᠡ᠃ 2022 ᠣᠨ ᠠᠴᠠ ᠡᠬᠢᠯᠡᠨ᠂ ᠪᠥᠬᠦ ᠬᠤᠲᠠ ᠶᠢᠨ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ ᠪᠠᠶᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠳᠤ ᠬᠦᠷᠬᠦ ᠨᠣᠷᠮ᠎ᠠ ᠶᠢ 100% ᠳᠤ ᠬᠦᠷᠭᠡᠬᠦ ᠬᠡᠷᠡᠭᠳᠡᠢ᠃ 2022 ᠣᠨ ᠳᠤ ᠨᠢᠭᠡᠨᠲᠡ ᠪᠠᠷᠢᠯᠭ᠎ᠠ ᠳᠠᠭᠤᠰᠬᠠᠭᠰᠠᠨ ᠪᠣᠯᠪᠠᠴᠤ ᠪᠠᠷᠢᠮᠵᠢᠶ᠎ᠠ ᠳᠤ ᠥᠯᠥ ᠬᠦᠷᠦᠭᠰᠡᠨ ᠣᠷᠣᠨ ᠰᠠᠭᠤᠴᠠ ᠶᠢᠨ ᠲᠣᠭᠤᠷᠢᠭ ᠢ ᠨᠥᠬᠦᠨ ᠪᠠᠶᠢᠭᠤᠯᠬᠤ᠂ ᠬᠤᠳᠠᠯᠳᠤᠨ ᠠᠪᠬᠤ᠂ ᠰᠣᠯᠢᠬᠤ᠂ ᠰᠤᠯᠠᠯᠠᠵᠤ ᠪᠤᠴᠠᠭᠠᠬᠤ᠂ ᠲᠦᠷᠢᠶᠡᠰᠦᠯᠡᠬᠦ᠂ ᠥᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠦᠷᠭᠡᠬᠡᠨ ᠲᠣᠬᠢᠷᠠᠭᠤᠯᠤᠨ ᠪᠦᠷᠢᠳᠦᠭᠦᠯᠦᠨ᠎ᠡ᠃ ᠬᠡᠪᠴᠢᠶ᠎ᠡ ᠪᠠᠷ ᠨᠡᠯᠢᠶᠡᠳ ᠪᠠᠭ᠎ᠠ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠨᠢ ᠡᠷᠬᠢᠨ ᠲᠣᠭᠤᠷᠢᠨ ᠤ ᠰᠠᠭᠤᠭ᠎ᠠ ᠭᠠᠵᠠᠷ ᠤᠨ ᠬᠡᠰᠡᠭ ᠯᠦᠭᠡ ᠨᠢᠭᠡᠳᠦᠯᠲᠡᠢ ᠲᠥᠯᠥᠪᠵᠢᠭᠦᠯᠦᠨ ᠪᠠᠷᠢᠮᠵᠢᠶ᠎ᠠ ᠳᠤ ᠬᠦᠷᠦᠭᠦᠯᠵᠦ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠵᠤ ᠪᠣᠯᠣᠨ᠎ᠠ᠃ ᠬᠤᠲᠠ ᠪᠠᠯᠭᠠᠰᠤ ᠶᠢᠨ ᠵᠠᠮ᠂ ᠵᠦᠯᠭᠡ ᠭᠠᠵᠠᠷ ᠤᠨ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠪᠠᠷᠢᠯᠭ᠎ᠠ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠡᠯᠡᠳᠬᠡᠮᠵᠢ᠂ ᠣᠷᠣᠨ ᠰᠠᠭᠤᠴᠠ ᠶᠢᠨ ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠨ᠎ᠡ ᠪᠠᠷ ︵ᠥᠭᠡᠷᠡᠴᠢᠯᠡᠨ ᠪᠠᠶᠢᠭᠤᠯᠬᠤ᠂ ᠥᠷᠭᠡᠳᠬᠡᠬᠦ︶ ᠪᠠᠶᠢᠭᠤᠯᠬᠤ ᠳᠤ᠂ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠬᠡᠷᠡᠭᠲᠡᠢ᠃ 2025 ᠣᠨ ᠪᠣᠯᠬᠤ ᠳᠤ᠂ ᠪᠥᠬᠦ ᠬᠤᠲᠠ ᠶᠢᠨ ᠬᠤᠲᠠ ᠪᠠᠯᠭᠠᠰᠤ ᠶᠢᠨ ᠵᠠᠮ ᠤᠨ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠣᠷᠮ᠎ᠠ᠂ ᠣᠯᠠᠨ ᠨᠡᠶᠢᠲᠡ ᠶᠢᠨ ᠪᠠᠷᠢᠯᠭ᠎ᠠ ᠶᠢᠨ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠣᠷᠮ᠎ᠠ ᠶᠢ ᠴᠥᠮ 100% ᠳᠤ ᠬᠦᠷᠦᠭᠦᠯᠦᠨ᠎ᠡ᠃    ᠬᠤᠶᠠᠷ ᠲᠤ᠂ ︽ᠭᠤᠷᠪᠠᠨ ᠪᠠᠷᠢᠮᠵᠢᠶ᠎ᠠ︾ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃1. ᠲᠥᠯᠦᠪᠵᠢᠭᠦᠯᠭᠡ ᠶᠢᠨ ᠪᠠᠷᠢᠮᠵᠢᠶ᠎ᠠ᠃ ᠵᠥᠪᠰᠢᠶᠡᠷᠡᠭᠦᠯᠦᠭᠰᠡᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠠᠷᠢᠨ ᠲᠥᠯᠦᠪᠵᠢᠭᠦᠯᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠤᠰᠬᠠᠢ ᠵᠦᠢᠯ ᠤᠨ ᠲᠥᠯᠦᠪᠵᠢᠭᠦᠯᠭᠡ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠨᠡᠶᠢᠴᠡᠭᠦᠯᠵᠦ᠂ ︽ᠬᠤᠲᠠ ᠶᠢᠨ ᠣᠯᠠᠨ ᠨᠡᠶᠢᠲᠡ ᠶᠢᠨ ᠪᠡᠯᠡᠳᠬᠡᠮᠵᠢ ᠶᠢᠨ ᠲᠥᠯᠦᠪᠵᠢᠭᠦᠯᠭᠡ ᠶᠢᠨ ᠵᠢᠷᠤᠮᠵᠢᠯ︾᠂ ︽ᠬᠤᠲᠠ ᠪᠠᠯᠭᠠᠰᠤ ᠶᠢᠨ ᠨᠠᠰᠤᠲᠠᠶᠢᠴᠤᠳ ᠤᠨ ᠪᠡᠯᠡᠳᠬᠡᠮᠵᠢ ᠶᠢᠨ ᠲᠥᠯᠦᠪᠵᠢᠭᠦᠯᠭᠡ ᠶᠢᠨ ᠵᠢᠷᠤᠮᠵᠢᠯ︾ ᠪᠠ ︽ᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ ᠲᠥᠯᠦᠪᠵᠢᠭᠦᠯᠭᠡ ᠶᠢᠨ ᠵᠢᠷᠤᠵᠤ ᠲᠥᠯᠥᠪᠯᠡᠬᠦ ᠪᠠᠷᠢᠮᠵᠢᠶ᠎ᠠ︾ ᠵᠡᠷᠭᠡ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠲᠥᠯᠥᠪᠵᠢᠭᠦᠯᠦᠨ ᠪᠠᠶᠢᠷᠢᠯᠠᠭᠤᠯᠬᠤ ᠬᠡᠷᠡᠭᠲᠡᠢ᠃ 2. ᠵᠢᠷᠤᠭ ᠲᠥᠯᠥᠪᠯᠡᠭᠡᠨ ᠤ ᠪᠠᠷᠢᠮᠵᠢᠶ᠎ᠠ᠃ ︽ᠨᠠᠰᠤᠲᠠᠶᠢᠴᠤᠳ ᠢ ᠬᠠᠷᠠᠭᠠᠯᠵᠠᠬᠤ ᠪᠡᠯᠡᠳᠬᠡᠮᠵᠢ ᠶᠢᠨ ᠪᠠᠷᠢᠯᠭ᠎ᠠ ᠶᠢᠨ ᠵᠢᠷᠤᠭᠯᠠᠨ ᠲᠥᠯᠥᠪᠯᠡᠬᠦ ᠪᠠᠷᠢᠮᠵᠢᠶ᠎ᠠ︾᠂ ︽ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠤᠨ ᠠᠰᠠᠷᠠᠨ ᠬᠠᠷᠠᠭᠠᠯᠵᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾᠂ ︽ᠰᠠᠭᠠᠳ ᠦᠭᠡᠢ ᠵᠢᠷᠤᠭᠯᠠᠨ ᠲᠥᠯᠥᠪᠯᠡᠬᠦ ᠵᠢᠷᠤᠮᠵᠢᠯ︾᠂ ︽ᠪᠠᠷᠢᠯᠭ᠎ᠠ ᠬᠢᠭᠡᠳ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠰᠠᠭᠠᠳ ᠦᠭᠡᠢ ᠨᠡᠶᠢᠳᠡᠮ ᠬᠡᠷᠡᠭᠯᠡᠬᠦ ᠵᠢᠷᠤᠮᠵᠢᠯ︾ ᠵᠡᠷᠭᠡ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠭᠡᠷ ᠪᠠᠶᠢᠰᠢᠩ ᠢ ᠵᠢᠷᠤᠭᠯᠠᠨ ᠲᠥᠯᠥᠪᠯᠡᠵᠦ ᠲᠣᠬᠢᠷᠠᠭᠤᠯᠤᠨ ᠪᠠᠶᠢᠭᠤᠯᠬᠤ ᠬᠡᠷᠡᠭᠲᠡᠢ᠃ ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠬᠦ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠥᠷᠥᠯ ᠵᠦᠢᠯ ᠳᠤ᠂ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ ᠢ ᠠᠩᠬᠠᠨ ᠤ ᠬᠤᠭᠤᠴᠠᠭᠠᠨ ᠳᠤ ᠲᠣᠬᠢᠷᠠᠭᠤᠯᠬᠤ ᠬᠡᠷᠡᠭᠲᠡᠢ ᠪᠥᠭᠡᠳ ᠰᠠᠯᠭᠠᠵᠤ ᠪᠣᠯᠬᠤ ᠦᠭᠡᠢ᠃ ᠠᠩᠬᠠᠨ ᠤ ᠬᠤᠭᠤᠴᠠᠭᠠᠨ ᠳᠤ ᠲᠣᠬᠢᠷᠠᠭᠤᠯᠬᠤ ᠶᠢᠨ ᠦᠨᠡᠨᠬᠦ ᠠᠷᠭ᠎ᠠ ᠦᠭᠡᠢ ᠲᠥᠷᠥᠯ ᠵᠦᠢᠯ ᠳᠤ᠂ ᠲᠣᠬᠢᠷᠠᠭᠤᠯᠤᠨ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠡᠷ ᠪᠠᠶᠢᠰᠢᠩ ᠢ ᠡᠷᠬᠡᠪᠰᠢ ᠣᠷᠣᠨ ᠰᠠᠭᠤᠴᠠ ᠶᠢᠨ ᠶᠡᠷᠦᠩᠬᠡᠢ ᠬᠡᠪᠴᠢᠶ᠎ᠡ ᠶᠢᠨ 50% ᠶᠢ ᠪᠡᠶᠡᠯᠡᠭᠦᠯᠬᠦ ᠠᠴᠠ ᠡᠮᠦᠨ᠎ᠡ ᠵᠡᠷᠭᠡ ᠳᠤᠨᠢ ᠪᠠᠶᠢᠭᠤᠯᠵᠤ ᠳᠠᠭᠤᠰᠬᠠᠬᠤ ᠬᠡᠷᠡᠭᠲᠡᠢ᠃ 3. ᠰᠢᠯᠭᠠᠨ ᠠᠪᠬᠤ ᠪᠠᠷᠢᠮᠵᠢᠶ᠎ᠠ᠃ ᠪᠦᠲᠦᠭᠡᠨ ᠪᠠᠶᠢᠭᠤᠯᠬᠤ ᠨᠢᠭᠡᠴᠡ ᠨᠢ ᠣᠷᠣᠨ ᠰᠠᠭᠤᠴᠠ ᠶᠢᠨ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠣᠯᠣᠨ ᠬᠠᠷᠰᠢ ᠰᠠᠭᠠᠳ ᠦᠭᠡᠢ ᠪᠡᠯᠡᠳᠬᠡᠮᠵᠢ ᠶᠢ ᠪᠠᠷᠢᠯᠭ᠎ᠠ ᠶᠢ ᠰᠢᠯᠭᠠᠨ ᠠᠪᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠯᠦᠭᠡ ᠵᠡᠷᠭᠡ ᠳᠤᠨᠢ ᠰᠢᠯᠭᠠᠨ ᠠᠪᠬᠤ ᠬᠡᠷᠡᠭᠲᠡᠢ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠤᠭᠰᠠᠨ ᠪᠠᠶᠢᠳᠠᠯ ᠳᠤ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠯᠲᠠ ᠬᠢᠵᠦ᠂ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠤᠭᠰᠠᠨ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠢ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠯᠲᠠ ᠪᠠᠷ ᠳᠠᠮᠵᠢᠬᠤ ᠦᠭᠡᠢ᠃ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠤᠭᠰᠠᠨ ᠦᠭᠡᠢ᠂ ᠵᠡᠷᠭᠡᠪᠡᠷ ᠲᠤᠰᠢᠶᠠᠨ ᠬᠡᠷᠡᠭᠯᠡᠭᠦᠯᠵᠦ ᠳᠡᠶᠢᠯᠬᠦ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠵᠢᠴᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠠᠭᠠᠳ ᠦᠭᠡᠢ ᠪᠡᠯᠡᠳᠬᠡᠮᠵᠢ ᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠷᠢᠯᠭ᠎ᠠ ᠶᠢᠨ ᠵᠢᠷᠤᠭ ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠪᠠ ︽ᠰᠠᠭᠠᠳ ᠦᠭᠡᠢ ᠪᠡᠯᠡᠳᠬᠡᠮᠵᠢ ᠶᠢᠨ ᠪᠠᠷᠢᠯᠭ᠎ᠠ ᠶᠢᠨ ᠠᠵᠢᠯ ᠢ ᠰᠢᠯᠭᠠᠨ ᠠᠪᠬᠤ ᠵᠢᠴᠢ ᠬᠠᠮᠠᠭᠠᠯᠠᠬᠤ ᠵᠢᠷᠤᠮᠵᠢᠯ︾ ᠵᠡᠷᠭᠡ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠷ ᠪᠠᠷᠢᠯᠭ᠎ᠠ ᠶᠢᠨ ᠠᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠦᠨᠳᠦᠰᠦᠯᠡᠭᠰᠡᠨ ᠦᠭᠡᠢ ᠪᠠᠶᠢᠪᠠᠯ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠵᠤ ᠪᠦᠷᠢᠳᠬᠡᠨ ᠳᠠᠩᠰᠠᠯᠠᠬᠤ ᠭᠠᠷᠳᠠᠮ ᠭᠦᠢᠴᠡᠳᠬᠡᠵᠦ ᠥᠭᠬᠦ ᠦᠭᠡᠢ᠃    ᠭᠤᠷᠪᠠ ᠳᠤ᠂ ︽ᠳᠥᠷᠪᠡ ᠶᠢ ᠵᠡᠷᠭᠡᠪᠡᠷ ᠶᠠᠪᠤᠭᠳᠠᠭᠤᠯᠬᠤ︾ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃1. ᠵᠡᠷᠭᠡᠪᠡᠷ ᠲᠥᠯᠥᠪᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ  ᠨᠢ ᠬᠠᠤᠯᠢ ᠶᠣᠰᠣᠭᠠᠷ ᠵᠥᠪᠰᠢᠶᠡᠷᠡᠭᠰᠡᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ᠭᠤᠣᠯ ᠠᠭᠤᠯᠭ᠎ᠠ ᠶᠢ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠳᠤ ᠣᠷᠣᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠵᠢᠷᠤᠭ︾ ᠲᠤ ᠳᠠᠪᠬᠤᠴᠠᠭᠤᠯᠤᠨ ᠴᠢᠩᠭ᠎ᠠ ᠬᠡᠷᠡᠭᠵᠢᠭᠦᠯᠬᠦ ᠶᠢ ᠬᠠᠷᠢᠭᠤᠴᠠᠨ᠎ᠠ᠃ 2. ᠵᠡᠷᠭᠡᠪᠡᠷ ᠪᠦᠲᠦᠭᠡᠨ ᠪᠠᠶᠢᠭᠤᠯᠤᠨ᠎ᠠ᠃ ᠪᠠᠷᠢᠯᠭ᠎ᠠ ᠪᠠᠷᠢᠭᠤᠯᠬᠤ ᠨᠢᠭᠡᠴᠡ ᠨᠦᠭᠦᠳ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠷᠢᠯᠭ᠎ᠠ ᠪᠠᠷᠢᠬᠤ ᠵᠢᠷᠤᠭ ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠪᠣᠯᠣᠨ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠬᠤ ᠬᠡᠷᠡᠭᠲᠡᠢ᠃ 3. ᠪᠠᠷᠢᠯᠭ᠎ᠠ ᠲᠠᠭᠤᠰᠪᠠᠯ ᠵᠡᠷᠭᠡᠪᠡᠷ ᠰᠢᠯᠭᠠᠨ ᠠᠪᠤᠨ᠎ᠠ᠃ ᠪᠦᠲᠦᠭᠡᠨ ᠪᠠᠶᠢᠭᠤᠯᠬᠤ ᠨᠢᠭᠡᠴᠡ  ᠨᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠷᠰᠢ ᠰᠠᠭᠠᠳ ᠦᠭᠡᠢ ᠪᠡᠯᠡᠳᠬᠡᠮᠵᠢ ᠶᠢ ᠪᠠᠷᠢᠯᠭ᠎ᠠ ᠶᠢ ᠰᠢᠯᠭᠠᠨ ᠠᠪᠬᠤ ᠬᠡᠪᠴᠢᠶᠡᠨ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠯᠦᠭᠡ ᠵᠡᠷᠭᠡ ᠳᠤᠨᠢ ᠰᠢᠯᠭᠠᠨ ᠠᠪᠬᠤ ᠬᠡᠷᠡᠭᠲᠡᠢ᠃ 4. ᠵᠡᠷᠭᠡᠪᠡᠷ ᠲᠤᠰᠢᠶᠠᠨ ᠥᠭᠴᠦ ᠬᠡᠷᠡᠭᠯᠡᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠡ ᠨᠢ ᠲᠣᠬᠢᠷᠠᠭᠤᠯᠤᠨ ᠪᠠᠶᠢᠭᠤᠯᠬᠤ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠠᠷᠠᠳ ᠤᠨ ᠶᠠᠪᠤᠳᠠᠯ ᠤᠨ ᠲᠣᠪᠴᠢᠶ᠎ᠠ ᠳᠤ ᠦᠨ᠎ᠡ ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠬᠤ ᠭᠠᠷᠳᠠᠮ ᠢ ᠭᠦᠢᠴᠡᠳᠬᠡᠬᠦ ᠶᠢᠨ ᠬᠠᠮᠲᠤ 30 ᠡᠳᠦᠷ ᠤᠨ ᠳᠣᠲᠣᠷ᠎ᠠ ᠲᠤᠰᠢᠶᠠᠨ ᠥᠭᠬᠦ ᠠᠵᠢᠯ ᠢ ᠪᠡᠶᠡᠯᠡᠭᠦᠯᠬᠦ ᠬᠡᠷᠡᠭᠲᠡᠢ᠃    ᠳᠥᠷᠪᠡ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠶᠠᠪᠤᠳᠠᠯ᠂ ᠬᠤᠲᠠ ᠶᠢᠨ ᠬᠠᠮᠢᠶᠠᠷᠤᠯᠲᠠ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠬᠠᠮᠵᠢᠯᠴᠠᠬᠤ ᠪᠠ ᠵᠣᠬᠢᠴᠠᠭᠤᠯᠬᠤ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠂ ᠲᠥᠯᠦᠪᠵᠢᠭᠦᠯᠭᠡ ᠶᠣᠰᠣᠭᠠᠷ ᠲᠣᠬᠢᠷᠠᠭᠤᠯᠤᠨ ᠪᠠᠶᠢᠭᠤᠯᠬᠤ ᠦᠭᠡᠢ᠂ ᠲᠣᠬᠢᠷᠠᠭᠤᠯᠤᠨ ᠪᠠᠶᠢᠭᠤᠯᠬᠤ ᠨᠢ ᠪᠠᠷᠢᠮᠵᠢᠶ᠎ᠠ ᠳᠤ ᠬᠦᠷᠬᠦ ᠦᠭᠡᠢ᠂ ᠲᠤᠰᠢᠶᠠᠨ ᠥᠭᠬᠦ ᠪᠣᠯᠵᠤᠭ᠎ᠠ ᠪᠠᠨ ᠭᠦᠢᠴᠡᠳᠬᠡᠬᠦ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠢᠨᠠᠨ ᠬᠠᠮᠢᠶᠠᠷᠴᠤ ᠪᠠᠶᠢᠴᠠᠭᠠᠨ ᠰᠢᠢᠳᠪᠦᠷᠢᠯᠡᠵᠦ᠂ ᠮᠠᠨ ᠤ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠲᠣᠬᠢᠷᠠᠭᠤᠯᠤᠨ ᠪᠠᠶᠢᠭᠤᠯᠬᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠵᠢᠴᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠮᠲᠤᠪᠠᠷ ᠠᠬᠢᠭᠤᠯᠤᠨ᠎ᠠ᠃     ᠳᠥᠷᠪᠡ᠂ ᠲᠥᠰᠥᠯ ᠢᠶᠠᠷ ᠰᠢᠢᠳᠪᠦᠷᠢᠯᠡᠬᠦ ᠠᠰᠠᠭᠤᠳᠠᠯ    ᠨᠢᠭᠡ ᠳᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠬᠡᠷᠡᠭᠯᠡᠬᠦ ᠭᠡᠷ ᠪᠠᠶᠢᠰᠢᠩ ᠢ ᠲᠥᠯᠥᠪᠵᠢᠭᠦᠯᠬᠦ ᠦᠭᠡᠢ᠂ ᠪᠠᠶᠢᠭᠤᠯᠬᠤ ᠳᠤ ᠲᠣᠬᠢᠷᠠᠬᠤ ᠦᠭᠡᠢ ᠪᠠᠶᠢᠬᠤ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠨ᠎ᠡ︔ ᠬᠤᠶᠠᠷ ᠲᠤ᠂ ᠮᠠᠨ ᠤ  ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠷᠣᠨ ᠰᠠᠭᠤᠴᠠ ᠬᠦᠷᠦᠯᠴᠡᠬᠦ ᠦᠭᠡᠢ ᠪᠠᠶᠢᠭ᠎ᠠ  ᠳᠤᠲᠠᠭᠳᠠᠯ ᠢ ᠨᠠᠮᠳᠠᠭᠤᠯᠤᠨ᠎ᠠ︔ ᠭᠤᠷᠪᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠦᠷᠢᠨ ᠪᠦᠲᠦᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠳᠤ ᠡᠷᠬᠡᠪᠰᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠡᠷ ᠪᠠᠶᠢᠰᠢᠩ ᠲᠣᠬᠢᠷᠠᠭᠤᠯᠤᠨ ᠪᠠᠶᠢᠭᠤᠯᠬᠤ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃                            ᠤᠷᠴᠢᠭᠤᠯᠤᠭᠴᠢ᠄ ᠬᠠᠨ ᠰᠢᠶᠤᠤ ᠿᠦᠩ            ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3