| | ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠲᠠ ᠶᠢᠨ ᠵᠢᠷᠭᠤᠳᠤᠭᠠᠷ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ 2023 ᠣᠨ ᠤ 2 ᠰᠠᠷ᠎ᠠ ᠶᠢᠨ 7 ᠤ | ᠡᠳᠦᠷ ᠬᠤᠷᠠᠯᠳᠤᠪᠠ᠃ ᠡᠨᠡ ᠤᠳᠠᠭᠠᠨ ᠤ ᠪᠦᠭᠦᠳᠡ ᠬᠤᠷᠠᠯ ᠳᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠭᠡᠰᠢᠭᠦᠨ 22 ᠬᠥᠮᠥᠨ ᠣᠷᠣᠯᠴᠠᠵᠤ᠂ 146 ᠬᠥᠮᠥᠨ ᠰᠤᠯᠠ ᠣᠷᠣᠯᠴᠠᠪᠠ᠃ | | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠪᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠵᠢᠴᠢ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ | ᠤᠳᠤᠷᠢᠳᠤᠯᠭ᠎ᠠ ᠨᠦᠭᠦᠳ ᠬᠤᠷᠠᠯ ᠳᠤ ᠤᠷᠤᠯᠴᠠᠪᠠ᠃ | | ᠪᠦᠭᠦᠳᠡ ᠬᠤᠷᠠᠯ ᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ | ᠡᠷᠭᠢᠯᠡᠪᠡ᠃ ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠤᠳᠠᠭ᠎ᠠ ᠪᠦᠷᠢ ᠶᠢᠨ ᠪᠥᠬᠦᠳᠡ ᠬᠤᠷᠠᠯ ᠪᠠ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠵᠢᠴᠢ ᠹᠧᠩᠵᠧᠨ | ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2022 ᠣᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠨ᠂ 2023 ᠣᠨ ᠤ ᠡᠭᠦᠷᠭᠡ ᠶᠢ ᠪᠠᠶᠢᠷᠢᠯᠠᠭᠤᠯᠪᠠ᠃ ᠪᠦᠬᠦᠳᠡ | ᠬᠤᠷᠠᠯ ᠠᠴᠠ ᠵᠤᠤ ᠵᠢᠶᠧ ᠨᠥᠬᠦᠷ ᠤᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠡᠮᠦᠨ᠎ᠡ ᠠᠴᠠ ᠬᠢᠭᠰᠡᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠤᠶᠢᠪᠢᠰᠢ ᠦᠭᠡᠢ ᠠᠬᠢᠭᠤᠯᠵᠤ᠂ ᠹᠧᠩᠵᠧᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ | ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠪᠦᠭᠦᠳᠡ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠬᠤᠶᠠᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠪᠣᠯᠣᠨ ᠤᠯᠠᠭᠠᠨᠴᠠᠪ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠣᠨᠣᠪᠴᠢᠲᠠᠶ ᠣᠶᠢᠯᠠᠭᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠳᠡᠢ︔ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ ᠪᠠ ᠭᠦᠢᠴᠡᠳᠬᠡᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠪᠥᠬᠦᠳᠡ ᠬᠤᠷᠠᠯ ᠠᠴᠠ ᠸᠠᠩ ᠵᠧᠨ ᠬᠠᠢ ᠨᠥᠬᠦᠷ ᠤᠨ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠪᠠ᠃ | ᠤᠯᠠᠨ ᠢᠶᠠᠷ ᠢᠶᠠᠨ᠄ ᠸᠠᠩ ᠵᠧᠨ ᠬᠠᠢ ᠨᠦᠬᠦᠷ ᠤᠨ ᠶᠠᠷᠢᠶ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠦᠢ ᠸᠧᠢ ᠵᠢᠶᠦ᠋ᠨ | ᠨᠥᠬᠦᠷ ᠤᠨ ᠤᠯᠠᠭᠠᠨᠴᠠᠪ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠬᠤᠭᠤᠴᠠᠭᠠᠨ ᠤ | ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠮᠠᠨ ᠤ | ᠬᠤᠲᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠣᠯᠣᠭᠰᠠᠨ ᠠᠮᠵᠢᠯᠲᠠ ᠶᠢ ᠪᠦᠬᠦ ᠲᠠᠯ᠎ᠠ ᠪᠠᠷ | ᠳ᠋ᠦᠩᠨᠡᠵᠦ᠂ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠢ ᠵᠠᠳᠠᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠤ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠰᠠᠶᠢᠲᠤᠷ ᠬᠢᠬᠦ ᠳᠤ | ᠵᠢᠷᠤᠮᠯᠠᠯ ᠬᠠᠩᠭᠠᠵᠤ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ | ᠲᠤᠭᠤᠰᠢᠯᠠᠭᠤᠯᠤᠨ ᠨᠡᠶᠢᠳᠠᠪᠤᠷᠢᠵᠢᠭᠤᠯᠤᠨ᠎ᠠ ᠭᠡᠵᠡᠭᠡᠪᠡ᠃ | ᠪᠦᠬᠦᠳᠠ ᠬᠤᠷᠠᠯ ᠠᠴᠠ ᠵᠢᠭᠠᠵᠤ ᠭᠠᠷᠭᠠᠭᠰᠠᠨ ᠨᠢ᠄ 2022 ᠣᠨ ᠳᠤ᠂ ᠪᠦᠬᠦ ᠬᠤᠳᠠ ᠶᠢᠨ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠨᠠᠷᠢᠨ ᠤᠬᠠᠪᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠤᠬᠠᠭᠤᠯᠤᠨ ᠲᠤᠭᠤᠰᠢᠯᠠᠭᠤᠯᠪᠠ︔ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ | ᠲᠥᠪᠯᠡᠷᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ | ᠤᠯᠤᠰ ᠲᠥᠷᠥ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠪᠡ︔ ︽ᠲᠦᠷᠪᠡᠨ ᠰᠤᠷᠲᠠᠯ︾ ᠢ ᠴᠢᠩᠭ᠎ᠠ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠪᠠ︔ ︽ᠭᠤᠷᠪᠠ ᠶᠢ ᠦᠯᠦ ᠢᠯᠵᠠᠷᠠᠭᠤᠯᠬᠤ︾ ᠶᠢ ᠨᠢᠭᠡ ᠴᠣᠭᠴᠠᠵᠢᠭᠤᠯᠤᠨ | ᠠᠬᠢᠭᠤᠯᠵᠤ᠂ ᠢᠯᠵᠠᠷᠠᠯ ᠢ ᠵᠠᠯᠬᠠᠭᠠᠨ ᠰᠢᠢᠳᠭᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠪᠠ︔ ᠤᠯᠤᠰ | ᠲᠦᠷᠦ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠴᠠᠭᠳᠠᠨ ᠪᠠᠶᠢᠴᠠᠭᠠᠯᠲᠠ ᠶᠢᠨ ᠬᠤᠷᠴᠠ | ᠰᠡᠯᠡᠮ᠎ᠡ ᠶᠢᠨ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠪᠠ︔ ᠠᠷᠠᠳ ᠲᠦᠮᠡᠨ ᠤ ᠵᠣᠭᠰᠣᠯᠲᠠ ᠶᠢ ᠢᠮᠠᠭᠲᠠ | ᠪᠠᠲᠤ ᠰᠠᠬᠢᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ | ᠦᠷᠭᠦᠯᠵᠢᠯᠡᠨ ᠴᠡᠭᠴᠡᠯᠡᠨ ᠵᠠᠰᠠᠪᠠ︔ ᠭᠤᠣᠯᠳᠠᠯᠭ᠎ᠠ ᠲᠠᠢ ᠬᠠᠷᠠᠯᠲᠠ ᠶᠢᠨ ᠳᠠᠪᠲᠠᠯᠲᠠ ᠶᠢ ᠴᠢᠩᠭᠠᠳᠬᠠᠵᠤ᠂ ᠥᠨᠳᠥᠷ | ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ | ᠪᠠᠶᠢᠭᠤᠯᠪᠠ︔ ᠪᠥᠬᠦᠳᠡ ᠬᠤᠷᠠᠯ ᠠᠴᠠ ᠪᠠᠰᠠ ᠠᠮᠵᠢᠯᠲᠠ ᠪᠠᠨ ᠨᠤᠲᠠᠯᠠᠬᠤ ᠶᠢᠨ ᠬᠠᠮᠲᠤ ᠪᠦᠬᠦ ᠬᠤᠳᠠ ᠶᠢᠨ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠠᠶᠢᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ | ᠪᠠᠶᠢᠭᠤᠯᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ᠂ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨᠬᠦ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ | | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠄ 2023 ᠣᠨ ᠪᠣᠯ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠦᠬᠦ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠢ ᠲᠣᠭᠲᠠᠭᠠᠬᠤ︾ | ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠭᠤᠷᠪᠠᠳᠤᠭᠠᠷ ᠪᠥᠬᠦᠳᠡ ᠬᠤᠷᠠᠯ᠂ ᠤᠯᠠᠭᠠᠨᠴᠠᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ | ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ | ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠥᠷᠨᠢᠭᠦᠯᠵᠦ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠤ ᠪᠥᠬᠦ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠲᠦᠯᠬᠢᠨ ᠠᠬᠢᠭᠤᠯᠵᠤ᠂ ᠹᠧᠩᠵᠧᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ | ᠪᠠᠲᠤᠯᠠᠭ᠎ᠠ ᠬᠠᠩᠭᠠᠨ᠎ᠠ᠃ | ᠨᠢᠭᠡᠳᠦᠭᠡᠷ ᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠤᠯᠤᠰ ᠲᠦᠷᠦ ᠶᠢᠨ ᠬᠢᠨᠠᠯᠲᠠ ᠶᠢ ᠴᠥᠬᠦᠷᠡᠰᠢ ᠦᠭᠡᠢ ᠭᠦᠨᠵᠡᠭᠡᠢ ᠪᠣᠳᠠᠲᠠᠢ ᠨᠠᠷᠢᠯᠢᠭ ᠬᠢᠬᠦ | ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ | ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠤᠯᠭᠠᠨ᠂ ᠭᠦᠨᠵᠡᠭᠡᠢ ᠰᠤᠷᠤᠯᠴᠠᠬᠤ ᠪᠣᠳᠠᠲᠠᠢ ᠪᠠᠶᠢᠴᠠᠭᠠᠨ ᠰᠤᠳᠤᠯᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ︔ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠦᠪᠯᠡᠷᠡᠭᠦᠯᠦᠨ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠨᠠᠷᠢᠯᠢᠭ ᠤᠨᠤᠪᠴᠢᠳᠠᠢ ᠪᠠᠷ | ᠬᠢᠨᠠᠯᠲᠠ ᠲᠠᠯᠪᠢᠬᠤ᠂ ᠪᠥᠬᠦ ᠶᠠᠪᠤᠴᠠ ᠳᠤ ᠬᠢᠨᠠᠯᠲᠠ ᠲᠠᠯᠪᠢᠬᠤ᠂ ᠳᠠᠭᠠᠵᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ | ᠬᠡᠷᠡᠭᠲᠡᠢ︔ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ | ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠳᠡᠢ᠃ | ᠬᠤᠶᠠᠳᠤᠭᠠᠷ ᠲᠤ᠂ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠤᠨ᠂ ᠬᠢᠨᠠᠯᠲᠠ ᠲᠠᠯᠪᠢᠵᠤ | ᠵᠠᠰᠠᠬᠤ ᠦᠷ᠎ᠡ ᠪᠦᠲᠦᠮᠵᠢ ᠶᠢ ᠴᠥᠬᠦᠷᠡᠰᠢ ᠦᠭᠡᠢ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠨᠠᠮ ᠤᠨ | ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠢ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠲᠤᠰᠬᠠᠢ ᠬᠠᠷᠢᠭᠤᠴᠠᠯᠭᠠᠲᠤ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ ᠶᠢᠨ | ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠴᠠᠭᠳᠠᠨ ᠪᠠᠶᠢᠴᠠᠭᠠᠵᠤ | ᠬᠢᠨᠠᠯᠲᠠ ᠲᠠᠯᠪᠢᠬᠤ ᠬᠦᠴᠦᠨ ᠢ ᠨᠡᠶᠢᠳᠬᠡᠬᠦ᠂ ᠲᠡᠰ ᠳᠠᠷᠠᠭᠠᠯᠠᠯ ᠢ ᠵᠣᠬᠢᠴᠠᠭᠤᠯᠬᠤ᠂ ᠠᠵᠢᠯ ᠢ ᠠᠭᠤᠰᠤᠯᠴᠠᠭᠤᠯᠬᠤ ᠶᠢ | ᠠᠬᠢᠭᠤᠯᠬᠤ ᠬᠡᠷᠡᠭᠳᠡᠢ︔ ︽ᠲᠠᠰᠤᠭ ᠳᠤᠭᠤᠶᠢᠯᠠᠩ︾ ᠤᠨ ᠬᠤᠯᠪᠤᠭᠠᠯᠠᠨ ᠬᠥᠳᠡᠯᠦᠯᠴᠡᠵᠦ ᠬᠢᠨᠠᠯᠲᠠ ᠲᠠᠯᠪᠢᠬᠤ᠂ ︽ | ᠲᠠᠰᠤᠭ ᠳᠤᠭᠤᠶᠢᠯᠠᠩ ᠭᠠᠵᠠᠷ︾ ᠤᠨ ᠬᠠᠮᠲᠤᠷᠠᠨ ᠬᠡᠷᠡᠭ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠬᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠵᠠᠰᠠᠭ ᠵᠠᠬᠢᠷᠭᠠᠨ ᠤ ᠬᠢᠨᠠᠯᠲᠠ᠂ ᠬᠠᠤᠯᠢ ᠪᠠᠷᠢᠬᠤ ᠬᠢᠨᠠᠯᠲᠠ᠂ | ᠬᠢᠨᠠᠨ ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ᠂ ᠤᠯᠠᠨ ᠲᠦᠮᠡᠨ ᠤ ᠬᠢᠨᠠᠯᠲᠠ᠂ ᠶᠠᠷᠢᠶ᠎ᠠ | ᠬᠡᠯᠡᠯᠴᠡᠭᠡᠨ ᠤ ᠬᠢᠨᠠᠯᠲᠠ ᠵᠡᠷᠭᠡ ᠡᠯ᠎ᠡ ᠲᠦᠷᠦᠯ ᠤᠨ ᠬᠢᠨᠠᠯᠲᠠ ᠶᠢᠨ ᠣᠷᠭᠠᠨᠢᠭ ᠢᠶᠠᠷ ᠨᠡᠪᠲᠡᠷᠡᠯᠴᠡᠬᠦ ᠶᠢ ᠲᠦᠯᠬᠢᠨ | ᠠᠬᠢᠭᠤᠯᠤᠨ᠎ᠠ︔ ᠰᠢᠶᠠᠩ ᠪᠠᠯᠭᠠᠰᠤ᠂ ᠭᠠᠴᠠᠭ᠎ᠠ ᠵᠡᠷᠭᠡ ᠦᠨᠳᠦᠰᠦᠨ ᠱᠠᠲᠤᠨ ᠤ ᠬᠢᠨᠠᠯᠲᠠ ᠲᠠᠯᠪᠢᠬᠤ ᠲᠣᠣᠷ ᠪᠠ | ᠬᠢᠨᠠᠨ ᠪᠤᠳᠤᠬᠤ ᠪᠠᠶᠢᠭᠤᠯᠭ᠎ᠠ ᠯᠤᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠢᠯᠵᠠᠷᠠᠯ ᠢ | ᠡᠰᠡᠷᠭᠦᠴᠡᠨ ᠰᠠᠮᠠᠭᠤᠷᠠᠯ ᠢ ᠵᠠᠰᠠᠬᠤ ᠲᠠᠯ᠎ᠠ ᠪᠠᠷ ᠬᠢ ᠬᠢᠨᠠᠨ ᠪᠣᠳᠣᠯᠲᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠂ | ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠵᠦ᠂ ᠬᠠᠷᠢᠭᠤᠴᠠᠯᠭ᠎ᠠ ᠨᠡᠬᠡᠮᠵᠢᠯᠡᠬᠦ ᠳᠤ ᠬᠦᠴᠦᠨ | ᠮᠡᠬᠦᠰᠳᠡᠬᠦ ᠶᠢ ᠰᠡᠷᠭᠡᠶᠢᠯᠡᠬᠦ ᠮᠥᠷᠲᠡᠭᠡᠨ ᠬᠠᠷᠢᠭᠤᠴᠠᠯᠭ᠎ᠠ ᠨᠡᠬᠡᠮᠵᠢᠯᠡᠬᠦ ᠶᠢᠨ ᠲᠡᠯᠡᠷᠡᠬᠦ ᠠᠴᠠ ᠰᠡᠷᠭᠡᠶᠢᠯᠡᠬᠦ ᠬᠡᠷᠡᠭᠲᠡᠢ᠃ | ᠭᠤᠷᠪᠠᠳᠤᠭᠠᠷ ᠲᠤ᠂ ᠤᠯᠠᠨ ᠲᠦᠮᠡᠨ ᠤ ᠠᠰᠢᠭ ᠲᠤᠰᠠ ᠶᠢ ᠦᠨᠡᠨᠬᠦ ᠬᠠᠮᠠᠭᠠᠯᠠᠨ᠂ ︽ᠲᠦᠷᠪᠡᠨ ᠰᠤᠷᠲᠠᠯ︾ ᠢ | ᠴᠥᠬᠦᠷᠡᠰᠢ ᠦᠭᠡᠢ ᠪᠠᠷ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠬᠡᠷᠡᠭᠲᠡᠢ᠃ ᠲᠥᠪ ᠬᠤᠷᠢᠶᠠᠨ ᠤ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ | ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ︽ᠲᠤᠯᠤᠭ᠎ᠠ ᠶᠢ ᠲᠠᠶᠠᠭᠳᠠᠬᠤ︾ | ᠣᠶᠢᠯᠠᠭᠠᠭᠳᠠᠬᠤᠨ ᠤ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ | ᠭᠤᠷᠪᠠᠨ ᠤᠳᠠᠭᠠᠨ︾᠂ ᠬᠤᠭᠤᠰᠤᠨ ᠤᠷᠢᠶ᠎ᠠ ᠬᠠᠰᠬᠢᠷᠬᠤ᠂ ᠵᠥᠪᠬᠡᠨ ᠣᠪᠣᠷ ᠢᠶᠠᠨ ᠢᠯᠡᠳᠬᠡᠭᠡᠳ | ᠨᠠᠶᠢᠳᠠᠪᠤᠷᠢᠵᠢᠭᠤᠯᠬᠤ ᠦᠭᠡᠢ ᠵᠡᠷᠭᠡ ᠦᠢᠯᠡ ᠠᠵᠢᠯᠯᠠᠭ᠎ᠠ ᠶᠢ ᠵᠠᠯᠠᠷᠠᠭᠤᠯᠤᠨ ᠵᠠᠰᠠᠬᠤ ᠬᠡᠷᠡᠭᠳᠡᠢ︔ ᠵᠢᠷᠭᠠᠨ ᠴᠡᠩᠭᠡᠬᠦ | ᠦᠵᠡᠯ᠂ ᠱᠠᠯᠢᠨ ᠪᠦᠷᠢᠯᠭᠡᠬᠦ ᠰᠤᠷᠲᠠᠯ ᠢ ᠭᠦᠨᠵᠡᠭᠡᠢ ᠴᠡᠭᠴᠡᠯᠡᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠶᠢ ᠬᠦᠴᠦᠯᠡᠨ ᠠᠷᠢᠯᠭᠠᠵᠤ᠂ ᠤᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ︽ᠪᠢᠴᠢᠯ | ᠢᠯᠵᠠᠷᠠᠯ︾ ᠢ ᠵᠠᠰᠠᠬᠤ ᠲᠤᠰᠬᠠᠢ ᠠᠵᠢᠯᠯᠠᠭ᠎ᠠ ᠶᠢ ᠦᠷᠨᠢᠭᠦᠯᠦᠨ᠎ᠡ᠃ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠪᠥᠬᠦ ᠬᠤᠲᠠ ᠶᠢᠨ ᠠᠵᠤ ᠠᠬᠤᠢ ᠶᠢᠨ ᠬᠥᠭᠵᠢᠯᠲᠡ ᠶᠢ | ᠬᠠᠮᠠᠭᠠᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠰᠢᠬᠦᠷ ᠢ ᠴᠣᠬᠢᠵᠤ ᠲᠣᠣᠷ ᠢ ᠡᠪᠳᠡᠬᠦ︾ | ᠶᠢ ᠪᠠᠶᠢᠩᠭᠤᠵᠢᠭᠤᠯᠬᠤ ᠶᠢ ᠠᠬᠢᠭᠤᠯᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠤ ᠬᠡᠷᠡᠭ ᠤᠨ ᠠᠷᠤ ᠳᠠᠬᠢ | ᠢᠯᠵᠠᠷᠠᠯ ᠪᠣᠯᠣᠨ ︽ᠬᠠᠮᠠᠭᠠᠯᠠᠭᠴᠢ ᠰᠢᠬᠦᠷ︾ ᠢ ᠴᠢᠩᠭ᠎ᠠ ᠪᠠᠶᠢᠴᠠᠭᠠᠨ᠎ᠠ᠃ | ᠳᠥᠷᠪᠡᠳᠦᠭᠡᠷ ᠲᠤ᠂ ᠢᠮᠠᠭᠲᠠ ᠴᠢᠩᠭ᠎ᠠ ᠬᠦᠭ ᠠᠶᠠᠰ ᠢ ᠭᠤᠶᠢᠪᠢᠰᠢ ᠦᠭᠡᠢ ᠪᠠᠷᠢᠮᠳᠠᠯᠠᠨ᠂ ᠢᠯᠵᠠᠷᠠᠯ ᠢ | ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠤᠳᠠᠭᠠᠨ ᠳᠠᠭᠠᠭᠠᠮᠠᠭᠠᠢ ᠲᠠᠶᠢᠨ ᠤ | ᠢᠯᠠᠯᠲᠠ ᠶᠢ ᠴᠥᠬᠦᠷᠡᠰᠢ ᠦᠭᠡᠢ ᠣᠯᠬᠤ ᠬᠡᠷᠡᠭᠲᠡᠢ᠃ ᠥᠴᠥᠬᠡᠨ ᠴᠦ ᠬᠦᠯᠢᠴᠡᠬᠦ ᠦᠭᠡᠢ ᠣᠪᠣᠷ ᠢᠶᠠᠷ ᠢᠯᠵᠠᠷᠠᠯ ᠢ | ᠡᠰᠡᠷᠭᠦᠴᠡᠨ ᠮᠠᠭᠤ ᠶᠢ ᠵᠠᠯᠬᠠᠭᠠᠨ᠂ ᠨᠡᠮᠡᠭᠳᠡᠯ ᠤᠨ ᠬᠡᠮᠵᠢᠶ᠎ᠡ ᠶᠢ ᠨᠡᠩ ᠬᠦᠴᠦᠲᠡᠢ ᠬᠤᠷᠢᠭᠯᠠᠵᠤ᠂ ᠬᠠᠳᠠᠭᠠᠯᠠᠯᠲᠠ ᠶᠢᠨ | ᠬᠡᠮᠵᠢᠶ᠎ᠡ ᠶᠢ ᠨᠡᠩ ᠪᠦᠲᠦᠮᠵᠢᠲᠡᠶ ᠪᠠᠷ ᠠᠷᠢᠯᠭᠠᠵᠤ᠂ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠪᠠᠶᠢᠴᠠᠭᠠᠨ᠂ | ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠵᠤ ᠪᠠᠶᠢᠭ᠎ᠠ ᠢᠯᠵᠠᠷᠠᠯ ᠢ ᠡᠷᠡᠰ ᠢᠶᠠᠷ | ᠪᠠᠶᠢᠴᠠᠭᠠᠨ ᠰᠢᠢᠳᠪᠦᠷᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠰᠥᠯᠪᠡᠭᠡᠯᠳᠦᠬᠦ᠂ ᠬᠥᠷᠥᠩᠭᠡ ᠶᠢᠨ | ᠤᠯᠤᠰ ᠲᠦᠷᠦ ᠶᠢᠨ ᠬᠦᠷᠢᠶᠡᠨ ᠳᠤ ᠨᠡᠪᠴᠢᠬᠦ ᠵᠡᠷᠭᠡ ᠤᠯᠤᠰ ᠲᠦᠷᠦ ᠶᠢᠨ ᠠᠮᠢ ᠠᠬᠤᠢ ᠪᠠ ᠠᠵᠤ ᠠᠬᠤᠢ ᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠬᠦ ᠶᠢ ᠡᠷᠡᠰ ᠰᠡᠷᠭᠡᠶᠢᠯᠡᠨ᠎ᠡ᠃ ᠭᠤᠣᠯᠳᠠᠯᠭ᠎ᠠ ᠲᠠᠢ ᠬᠦᠷᠢᠶ᠎ᠡ ᠶᠢ | ᠲᠣᠪᠤᠶᠢᠯᠭᠠᠨ᠂ ᠮᠥᠩᠭᠦᠨ ᠭᠦᠢᠯᠭᠡᠭᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠤᠯᠤᠰ ᠲᠦᠷᠦ ᠬᠠᠤᠯᠢ | ᠴᠠᠭᠠᠵᠠ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ | ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠠᠵᠢᠯ ᠢ | ᠭᠦᠨᠵᠡᠭᠡᠶᠢᠷᠡᠭᠦᠯᠦᠨ᠎ᠡ᠃ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ᠂ ᠵᠣᠷᠢᠭᠲᠠᠢ ᠪᠠᠷ | ᠠᠭᠠᠰᠢᠯᠡᠭ᠌ᠰᠠᠳ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠨ᠂ ᠤᠳᠤᠷᠢᠳᠬᠤ ᠺᠠᠳ᠋ᠷ ᠤᠨ ᠬᠤᠯᠪᠣᠰᠤ᠂ | ᠦᠷ᠎ᠡ ᠬᠡᠦᠬᠡᠳ ᠵᠢᠴᠢ ᠲᠡᠳᠡᠨ ᠤ ᠬᠤᠯᠪᠣᠰᠤ ᠵᠡᠷᠭᠡ ᠲᠦᠷᠦᠯ ᠰᠠᠳᠤᠨ ᠪᠠ ᠳᠡᠷᠭᠡᠳᠡᠬᠢ ᠠᠵᠢᠯᠲᠠᠳ ᠤᠨ ᠨᠥᠯᠥᠭᠡᠯᠡᠬᠦ | ᠬᠦᠴᠦᠨ ᠢᠶᠠᠨ ᠠᠰᠢᠭᠯᠠᠨ ᠬᠤᠪᠢ ᠪᠠᠨ ᠪᠣᠷᠳᠣᠵᠤ ᠱᠠᠮᠰᠢᠨ ᠢᠯᠵᠠᠷᠠᠬᠤ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠬᠡᠭᠡᠯᠢ ᠲᠦᠯᠬᠢᠵᠦ ᠬᠠᠭ᠋ᠤᠤᠯᠢ ᠢᠳᠡᠬᠦ ᠶᠢ ᠬᠠᠮᠲᠤ ᠳᠤᠨᠢ ᠪᠠᠶᠢᠴᠠᠭᠠᠬᠤ ᠶᠢ ᠪᠠᠷᠢᠮᠳᠠᠯᠠᠨ᠂ ᠬᠡᠭᠡᠯᠢ | ᠲᠦᠯᠬᠢᠭᠴᠢ ᠶᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠤᠨ᠎ᠠ᠃ ᠬᠡᠷᠡᠭ ᠢ ᠪᠠᠶᠢᠴᠠᠭᠠᠨ | ᠰᠢᠢᠳᠪᠦᠷᠢᠯᠡᠬᠦ ᠶᠢᠨ ︽ᠰᠡᠭᠦᠯᠴᠢ ᠶᠢᠨ ᠬᠠᠭᠠᠰ ᠵᠣᠬᠢᠶᠠᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠯᠬᠠᠭᠠᠨ | ᠰᠢᠢᠳᠬᠡᠵᠦ ᠰᠦᠷᠳᠡᠭᠦᠯᠬᠦ᠂ ᠵᠠᠯᠬᠠᠭᠠᠨ ᠴᠡᠭᠡᠷᠯᠡᠭᠦᠯᠵᠦ ᠠᠪᠤᠷᠠᠬᠤ᠂ ᠰᠤᠷᠭᠠᠨ ᠬᠥᠮᠥᠵᠢᠭᠦᠯᠵᠦ ᠰᠡᠷᠡᠮᠵᠢᠯᠡᠭᠦᠯᠬᠦ | ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠤᠨ᠎ᠠ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ ᠡᠰᠡᠷᠭᠦᠴᠡᠬᠦ ᠨᠡᠶᠢᠭᠡᠮ ᠤᠨ ᠠᠭᠤᠷ ᠠᠮᠢᠰᠬᠤᠯ ᠢ | ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠳᠠᠭ᠎ᠠ ᠪᠤᠷᠤᠭᠤ ᠶᠢ ᠠᠭᠤᠴᠢᠯᠠᠨ | ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠢᠯᠭᠠᠬᠤ︾ ᠶᠢ ᠭᠦᠨᠵᠡᠭᠡᠢ ᠨᠠᠶᠢᠳᠠᠪᠤᠷᠢᠵᠢᠭᠤᠯᠤᠨ᠂ | ᠭᠦᠳᠬᠡᠨ ᠵᠠᠭᠠᠯᠳᠤᠵᠤ ᠭᠦᠵᠢᠷᠯᠡᠨ ᠬᠤᠣᠷᠯᠠᠭᠰᠠᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠴᠠᠭ ᠲᠤᠬᠠᠢ ᠳᠤᠨᠢ ᠨᠡᠷ᠎ᠡ ᠶᠢ ᠨᠢ ᠲᠣᠳᠣᠷᠬᠠᠶᠢᠯᠠᠨ ᠲᠥᠪ ᠪᠣᠯᠭᠠᠬᠤ ᠠᠵᠢᠯ ᠢ ᠥᠷᠨᠢᠭᠦᠯᠵᠦ᠂ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠬᠤ ᠬᠡᠷᠡᠭᠲᠡᠢ᠃ | ᠲᠠᠪᠤᠳᠤᠭᠠᠷ ᠲᠤ᠂ ᠬᠤᠷᠴᠠ ᠰᠡᠯᠡᠮ᠎ᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠵᠤ | ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ ᠶᠢ ᠴᠥᠬᠦᠷᠡᠰᠢ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠨ᠂ ︽ᠭᠤᠷᠪᠠᠨ ᠠᠩᠬᠠᠷᠤᠯ ᠢᠶᠠᠨ ᠲᠥᠪᠯᠡᠷᠡᠭᠦᠯᠬᠦ︾ ᠶᠢᠨ | ᠲᠣᠭᠤᠷᠢᠨ ᠳᠤ ᠡᠩ ᠤᠨ ᠲᠣᠭᠤᠷᠢᠨ ᠪᠠᠶᠢᠴᠠᠭᠠᠬᠤ ᠠᠵᠢᠯ ᠢ ᠦᠷᠨᠢᠭᠦᠯᠦᠨ᠎ᠡ᠃ ᠴᠠᠭᠳᠠᠨ ᠪᠠᠶᠢᠴᠠᠭᠠᠭᠳᠠᠵᠤ ᠪᠠᠶᠢᠭ᠎ᠠ | ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ ᠡᠭᠦᠷᠭᠡ ᠴᠢᠳᠠᠪᠬᠢ ᠪᠠ ᠤᠯᠤᠰ ᠲᠦᠷᠦ ᠶᠢᠨ | ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ᠤᠳᠤᠷᠢᠳᠬᠤ ᠪᠠᠭ ᠢᠯᠠᠩᠭᠤᠶ᠎ᠠ ︽ᠨᠢᠭᠡᠳᠦᠭᠡᠷ ᠭᠠᠷ︾ ᠢ ᠴᠢᠩᠭ᠎ᠠ | ᠠᠩᠬᠠᠷᠴᠤ᠂ ᠠᠰᠠᠭᠤᠳᠠᠯ ᠢ ᠢᠯᠡᠷᠡᠭᠦᠯᠬᠦ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ︔ ︽ | ᠶᠡᠭᠡ ᠬᠢᠨᠠᠯᠲᠠ︾ ᠶᠢᠨ ᠳᠦᠷᠢᠮ ᠢ ᠰᠢᠯᠢᠳᠡᠭᠵᠢᠭᠦᠯᠦᠨ᠂ ᠴᠠᠭᠳᠠᠨ ᠪᠠᠶᠢᠴᠠᠭᠠᠬᠤ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ | ᠪᠦᠲᠦᠭᠡᠯ ᠤᠨ ᠬᠡᠷᠡᠭᠯᠡᠯᠲᠡ ᠶᠢ ᠪᠠᠬᠢᠵᠢᠭᠦᠯᠵᠦ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ︽ | ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ︾ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠳᠤᠭᠠᠷ ᠲᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠨ᠂ ᠰᠢᠨ᠎ᠡ ᠴᠠᠭ | ᠦᠶ᠎ᠡ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ︽ᠲᠡᠮᠦᠷ ᠵᠠᠮ︾ ᠢ ᠰᠢᠨᠲᠠᠷᠠᠰᠢ ᠦᠭᠡᠢ ᠳᠠᠪᠲᠠᠨ | ᠪᠣᠯᠪᠠᠰᠤᠷᠠᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠡᠷᠡᠰ ᠪᠠᠲᠤ | ᠬᠦᠷᠢᠶᠡᠯᠡᠯ ᠢ ᠦᠨᠡᠨᠬᠦ ︽ᠬᠤᠶᠠᠷ ᠢ ᠬᠠᠮᠠᠭᠠᠯᠠᠬᠤ︾ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ︔ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠦᠬᠦ ᠠᠵᠢᠯᠲᠠᠨ ᠤ ᠪᠤᠯᠪᠠᠰᠤᠷᠠᠭᠤᠯᠤᠯ ᠢ ᠭᠦᠨᠵᠡᠭᠡᠶᠢᠷᠡᠭᠦᠯᠦᠨ᠂ | ᠪᠣᠳᠠᠲᠤ ᠪᠠᠶᠢᠯᠳᠤᠭᠠᠨ ᠤ ᠪᠤᠯᠪᠠᠰᠤᠷᠠᠭᠤᠯᠤᠯ ᠢ ᠴᠢᠬᠤᠯᠠᠴᠢᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠢ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠶᠢ ᠲᠠᠰᠤᠷᠠᠯᠲᠠ ᠦᠭᠡᠢ ᠲᠦᠯᠬᠢᠨ | ᠠᠬᠢᠭᠤᠯᠤᠨ᠎ᠠ︔ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠡᠷᠡᠮᠵᠢᠯᠡᠭᠦᠯᠬᠦ ᠬᠥᠮᠦᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠶᠢ ᠪᠠᠷᠢᠮᠲᠠᠯᠠᠵᠤ᠂ | ᠰᠠᠬᠢᠯᠭ᠎ᠠ ᠪᠠᠲᠤ ᠶᠢ ᠬᠡᠷᠡᠭᠵᠢᠭᠦᠯᠵᠦ ᠪᠠᠶᠢᠭᠠᠳ ᠰᠠᠬᠢᠯᠭ᠎ᠠ ᠪᠠᠲᠤ ᠶᠢ ᠵᠥᠷᠢᠴᠡᠭᠰᠡᠨ᠂ ᠬᠠᠤᠯᠢ ᠬᠡᠷᠡᠭᠵᠢᠭᠦᠯᠵᠦ | ᠪᠠᠶᠢᠭᠠᠳ ᠬᠠᠤᠯᠢ ᠶᠢ ᠵᠥᠷᠢᠴᠡᠭᠰᠡᠨ ᠠᠰᠠᠭᠤᠳᠠᠯ ᠳᠤ ᠥᠴᠥᠬᠡᠨ ᠴᠦ ᠢᠯᠳᠠᠷ ᠬᠠᠶᠠᠬᠤ ᠦᠭᠡᠢ᠃ | ᠪᠥᠬᠦᠳᠡ ᠬᠤᠷᠠᠯ ᠠᠴᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠪᠣᠯᠣᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠭᠠᠭᠰᠠᠨ ᠴᠢᠭᠯᠡᠯ ᠢᠶᠠᠷ᠂ ᠠᠭᠤᠤ ᠶᠡᠭᠡ | ᠨᠠᠮ ᠪᠠᠶᠢᠭᠤᠯᠬᠤ ᠵᠣᠷᠢᠭ ᠰᠠᠨᠠᠭ᠎ᠠ ᠪᠣᠯᠣᠨ ᠲᠤᠶᠢᠯᠪᠤᠷᠢᠲᠠᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ | ᠰᠠᠨᠠᠭ᠎ᠠ ᠶᠢ ᠪᠠᠳᠠᠷᠠᠭᠤᠯᠤᠨ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠡᠷᠡᠯᠬᠡᠭᠯᠡᠨ ᠲᠡᠮᠡᠴᠡᠵᠦ ᠤᠷᠤᠭᠰᠢᠯᠠᠨ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠭᠤᠶᠢᠪᠢᠰᠢ ᠦᠭᠡᠢ | ᠠᠬᠢᠭᠤᠯᠵᠤ᠂ ᠹᠧᠩᠵᠧᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ | ᠭᠡᠵᠦ ᠤᠷᠢᠶᠠᠯᠠᠪᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |