| ᠨᠢᠭᠡ᠂ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ | 2021 ᠣᠨ ᠤ ᠡᠴᠦᠰ ᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠤᠭᠤᠴᠠᠭᠠᠨ ᠤ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ︾ ︵ᠲᠥᠷᠥ ᠠᠯᠪᠠᠨ ᠲᠠᠷᠬᠠᠭᠠᠭᠰᠠᠨ ︹2021︺ 46 | ᠳ᠋ᠤᠭᠠᠷ ᠲᠣᠭᠠᠲᠤ︶ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ | ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ ᠤᠯᠤᠰ ᠤᠨ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠳᠤ ᠦᠵᠦ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ | ᠰᠢᠰᠲ᠋ᠧᠮ ᠤᠨ ᠵᠢᠯᠣᠭᠤᠳᠤᠯᠭ᠎ᠠ ᠶᠢ ᠲᠣᠳᠣᠷᠬᠠᠢ ᠲᠣᠭᠲᠠᠭᠠᠪᠠ᠃ ︽ᠲᠥᠯᠦᠪᠵᠢᠭᠦᠯᠭᠡ︾ ᠳᠤ ᠡᠯ᠎ᠡ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠯᠦᠪᠵᠢᠭᠦᠯᠭᠡ ᠳᠤ ᠲᠣᠭᠲᠠᠭᠠᠭᠰᠠᠨ ᠭᠤᠣᠯ ᠬᠠᠷᠠᠯᠲᠠ ᠪᠠ | ᠭᠤᠣᠯᠳᠠᠯᠭ᠎ᠠ ᠲᠠᠢ ᠡᠭᠦᠷᠭᠡ ᠶᠢᠨ ᠶᠣᠰᠣᠭᠠᠷ᠂ ᠲᠣᠰ ᠭᠠᠵᠠᠷ ᠣᠷᠣᠨ ᠤ ᠪᠠᠨ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠤᠶᠤ ᠬᠡᠷᠡᠭᠵᠢᠭᠦᠯᠬᠦ ᠲᠥᠰᠥᠯ ᠢ ᠨᠢᠭᠡᠳᠦᠯᠲᠡᠢ ᠲᠥᠯᠥᠪᠯᠡᠨ | ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ | ︽ᠲᠥᠯᠦᠪᠵᠢᠭᠦᠯᠭᠡ︾ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ | ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2022︺ 82 | ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ ︽ᠬᠡᠷᠡᠭᠵᠢᠭᠦᠯᠬᠦ ᠲᠥᠰᠥᠯ︾ ᠨᠢ ᠤᠯᠤᠰ ᠤᠨ ︽ᠲᠥᠯᠦᠪᠵᠢᠭᠦᠯᠭᠡ︾ ᠶᠢ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡᠨ ᠤ ᠪᠣᠳᠠᠲᠤ ᠪᠠᠶᠢᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠪᠠᠶᠢᠭᠤᠯᠬᠤ ᠪᠠ ᠣᠲᠣ ᠦᠶ᠎ᠡ ᠶᠢᠨ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠬᠤ ᠪᠠᠷ ᠭᠤᠣᠯ ᠪᠣᠯᠭᠠᠵᠤ᠂ ᠪᠣᠳᠠᠲᠠᠢ ᠶᠢ ᠡᠷᠬᠢᠮᠯᠡᠭᠰᠡᠨ᠂ | ᠨᠠᠶᠢᠳᠠᠪᠤᠷᠢᠵᠢᠭᠤᠯᠵᠤ ᠪᠤᠯᠠᠬᠤᠶᠢᠴᠠ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠬᠤᠶᠠᠷ᠂ ︽ᠬᠡᠷᠡᠭᠵᠢᠭᠦᠯᠬᠦ ᠲᠥᠰᠥᠯ︾ ᠤᠨ ᠭᠤᠣᠯ ᠠᠭᠤᠯᠭ᠎ᠠ | ︽ᠬᠡᠷᠡᠭᠵᠢᠭᠦᠯᠬᠦ ᠲᠥᠰᠥᠯ︾ ᠳᠤ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ | ᠬᠡᠮᠵᠢᠶ᠎ᠡ ᠭᠡᠬᠦ 3 ᠬᠡᠰᠡᠭ ᠠᠭᠤᠯᠭ᠎ᠠ ᠪᠠᠭᠲᠠᠨ᠎ᠠ᠄ | ᠨᠢᠭᠡᠳᠦᠭᠡᠷ ᠬᠡᠰᠡᠭ ᠨᠢ ᠭᠤᠣᠯ ᠬᠠᠷᠠᠯᠲᠠ ᠪᠣᠯᠣᠨ᠎ᠠ᠃ ᠡᠭᠦᠨ ᠳᠤ 2025 ᠣᠨ ᠪᠣᠯᠲᠠᠯ᠎ᠠ᠂ ᠤᠯᠤᠰ ᠤᠨ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠣᠯᠯᠠᠭᠴᠢ ᠰᠠᠭᠤᠷᠢᠨ ᠭᠠᠵᠠᠷ ᠪᠠ ᠤᠯᠤᠰ ᠤᠨ ᠪᠠᠷᠠᠭᠠᠨ ᠤ | ᠭᠦᠢᠯᠭᠡᠭᠡᠨ ᠤ ᠬᠦᠢᠰᠦ 5 - 6᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠢᠲᠡᠨ ᠬᠡᠯᠬᠢᠶᠡᠲᠦ ᠲᠥᠪᠯᠡᠷᠡᠭᠦᠯᠦᠨ | ᠲᠣᠬᠢᠷᠠᠭᠤᠯᠬᠤ ᠲᠥᠪ 6 - 8᠂ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠪᠠᠲᠤᠯᠠᠬᠤ ᠲᠥᠬᠦᠭᠡᠷᠦᠮᠵᠢ | 500 ᠶᠢ ᠴᠢᠷᠮᠠᠶᠢᠨ ᠪᠠᠶᠢᠭᠤᠯᠵᠤ᠂ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠰᠠᠭᠤᠷᠢᠨ ᠭᠠᠵᠠᠷ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ | ᠪᠠ ᠬᠤᠶᠠᠷ ᠦᠵᠦᠭᠦᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠪᠠᠷ | ᠲᠤᠯᠭᠠᠭᠤᠷᠢᠯᠠᠭᠰᠠᠨ ᠭᠤᠷᠪᠠᠨ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ | ᠲᠣᠣᠷ ᠰᠦᠯᠵᠢᠶ᠎ᠡ ᠶᠢ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠤᠯᠠᠷᠢᠯ | ᠠᠯᠤᠰᠯᠠᠭᠰᠠᠨ ᠬᠠᠩᠭᠠᠯᠭ᠎ᠠ᠂ ᠬᠦᠢᠲᠡᠨ ᠬᠡᠯᠬᠢᠶᠡᠲᠦ ᠪᠦᠲᠦᠭᠡᠭᠳᠡᠬᠦᠨ ᠤ ᠣᠷᠣᠨ ᠪᠦᠰᠡ ᠠᠯᠤᠰᠯᠠᠭᠰᠠᠨ | ᠭᠦᠢᠯᠭᠡᠭᠡᠨ ᠤ ᠴᠢᠳᠠᠪᠤᠷᠢ ᠪᠠ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠰᠠᠭᠠᠳ ᠦᠭᠡᠢ ᠪᠥᠭᠡᠳ | ᠥᠨᠳᠥᠷ ᠦᠷ᠎ᠡ ᠪᠦᠲᠦᠮᠵᠢᠲᠡᠶ᠂ ᠠᠮᠤᠷ ᠲᠦᠪᠰᠢᠨ ᠪᠥᠭᠡᠳ ᠪᠣᠬᠢᠷᠳᠤᠯ ᠦᠭᠡᠢ᠂ ᠣᠶᠤᠨᠴᠢ ᠪᠥᠭᠡᠳ ᠳᠥᠭᠦᠮ | ᠳᠥᠲᠡ᠂ ᠪᠠᠲᠤᠯᠠᠭ᠎ᠠ ᠲᠠᠢ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ | ᠦᠨᠳᠦᠰᠦᠨ ᠳᠤ ᠪᠠᠨ ᠪᠠᠶᠢᠭᠤᠯᠤᠨ᠎ᠠ ᠭᠡᠵᠦ ᠭᠤᠣᠯᠳᠠᠯᠭ᠎ᠠ ᠲᠠᠢ ᠳᠤᠷᠠᠳᠪᠠ᠃ | ᠬᠤᠶᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠤᠯᠤᠰ ᠤᠨ ᠲᠥᠯᠦᠪᠵᠢᠭᠦᠯᠭᠡ ᠶᠢᠨ ᠬᠠᠮᠢᠶ᠎ᠠ | ᠪᠦᠬᠦᠢ ᠪᠠᠶᠢᠷᠢᠯᠠᠭᠤᠯᠤᠯᠲᠠ ᠲᠠᠢ ᠬᠠᠷᠭᠤᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠠᠨ ᠪᠣᠳᠠᠲᠠᠢ ᠲᠠᠢ | ᠤᠶᠠᠯᠳᠤᠭᠤᠯᠤᠨ᠂ ᠲᠠᠪᠤᠨ ᠲᠠᠯ᠎ᠠ ᠶᠢᠨ 20 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠃ | ᠨᠢᠭᠡ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ | ᠪᠠᠶᠢᠷᠢᠰᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠂ ᠡᠭᠦᠨ ᠳᠤ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠭᠤᠣᠯᠯᠠᠭᠴᠢ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠬᠦᠢᠲᠡᠨ ᠬᠡᠯᠬᠢᠶᠡᠲᠦ | ᠲᠥᠪᠯᠡᠷᠡᠭᠦᠯᠦᠨ ᠲᠣᠬᠢᠷᠠᠭᠤᠯᠬᠤ ᠲᠥᠪ ᠢ ᠲᠦᠷᠭᠡᠬᠡᠨ ᠪᠦᠲᠦᠭᠡᠨ ᠪᠠᠶᠢᠭᠤᠯᠬᠤ᠂ ᠦᠢᠯᠡᠳᠪᠦᠷᠢᠯᠡᠯ | ᠪᠣᠷᠤᠯᠠᠭᠤᠯᠭ᠎ᠠ ᠶᠢᠨ ᠬᠤᠶᠠᠷ ᠦᠵᠦᠭᠦᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠦᠷᠢᠯᠡᠬᠦ ᠶᠢ ᠪᠠᠭᠲᠠᠭᠠᠨ᠎ᠠ᠃ | ᠬᠤᠶᠠᠷ ᠲᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠭᠳᠡᠬᠦᠨ ᠤ ᠲᠣᠭᠲᠠᠯᠴᠠᠭ᠎ᠠ ᠶᠢ | ᠪᠦᠷᠢᠨᠰᠢᠭᠦᠯᠦᠨ᠎ᠡ᠂ ᠡᠭᠦᠨ ᠳᠤ ᠮᠢᠬᠠᠨ ᠤ ᠲᠥᠷᠥᠯ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ | ᠬᠥᠭᠵᠢᠭᠦᠯᠬᠦ᠂ ᠵᠢᠮᠢᠰ ᠢᠳᠡᠰᠢᠨ ᠨᠣᠭᠤᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ | ᠴᠠᠭᠠᠨ ᠢᠳᠡᠭᠡᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ ᠤᠰᠤᠨ ᠭᠠᠷᠤᠯᠲᠠ ᠶᠢᠨ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ ᠲᠦᠷᠭᠡᠨ ᠬᠥᠯᠳᠡᠭᠡᠭᠰᠡᠨ ᠢᠳᠡᠭᠡᠨ ᠤ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠪᠠ ᠡᠮ ᠡᠮᠨᠡᠯᠭᠡ ᠶᠢᠨ ᠦᠢᠯᠡᠳᠬᠦᠨ ᠤ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠶᠢ ᠪᠠᠭᠲᠠᠭᠠᠨ᠎ᠠ᠃ | ᠭᠤᠷᠪᠠ ᠳᠤ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠂ | ᠡᠭᠦᠨ ᠳᠤ ᠬᠦᠢᠲᠡᠨ ᠬᠡᠯᠬᠢᠶᠡᠲᠦ ᠭᠤᠣᠯ ᠰᠠᠯᠪᠤᠷᠢ ᠱᠤᠭᠤᠮ ᠤᠨ ᠲᠡᠭᠡᠭᠡᠪᠦᠷᠢ ᠶᠢ ᠴᠢᠩᠭᠠᠷᠠᠭᠤᠯᠬᠤ᠂ ᠬᠤᠳᠠ | ᠬᠥᠳᠡᠭᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠤᠣᠰ ᠴᠢᠭᠯᠡᠯ ᠤᠨ ᠨᠡᠪᠲᠡᠷᠡᠬᠦ ᠵᠠᠮ ᠢ | ᠲᠡᠭᠦᠯᠳᠡᠷᠵᠢᠭᠦᠯᠬᠦ᠂ ᠬᠦᠢᠲᠡᠨ ᠬᠡᠯᠬᠢᠶᠡᠲᠦ ᠤᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠦᠷᠢ ᠶᠢ ᠬᠥᠭᠵᠢᠭᠦᠯᠬᠦ ᠪᠠ | ᠬᠦᠢᠲᠡᠨ ᠬᠡᠯᠬᠢᠶᠡᠲᠦ ᠲᠡᠭᠡᠭᠡᠪᠦᠷᠢ ᠶᠢᠨ ᠤᠯᠠᠨ ᠤᠯᠤᠰ ᠤᠨ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠬᠦ ᠶᠢ | ᠪᠠᠭᠲᠠᠭᠠᠨ᠎ᠠ᠃ | ᠳᠥᠷᠪᠡ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠯᠧᠮᠧᠨ᠋ᠲ ᠤᠨ ᠲᠤᠯᠭᠠᠭᠤᠷᠢᠯᠠᠯ ᠢ | ᠴᠢᠩᠭᠠᠷᠠᠭᠤᠯᠤᠨ᠎ᠠ᠂ ᠡᠭᠦᠨ ᠳᠤ ᠬᠦᠢᠲᠡᠨ ᠬᠡᠯᠬᠢᠶᠡᠲᠦ ᠲᠤᠨᠤᠭ ᠲᠥᠬᠦᠭᠡᠷᠦᠮᠵᠢ ᠶᠢᠨ ᠲᠡᠰ ᠳᠡᠪᠰᠢᠬᠦ ᠶᠢ ᠠᠬᠢᠭᠤᠯᠬᠤ᠂ | ᠲᠣᠭᠠᠴᠢᠯᠠᠭᠰᠠᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠪᠠ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠶᠢ | ᠪᠠᠭᠲᠠᠭᠠᠨ᠎ᠠ᠃ | ᠲᠠᠪᠤ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠬᠦ ᠬᠡᠯᠬᠢᠶᠡᠰᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠂ ᠡᠭᠦᠨ ᠳᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨᠡᠴᠢᠯᠡᠨ ᠰᠢᠯᠢᠳᠡᠭᠵᠢᠭᠦᠯᠬᠦ᠂ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠶᠢ ᠴᠢᠩᠭᠠᠳᠬᠠᠬᠤ ᠶᠢ ᠪᠠᠭᠲᠠᠭᠠᠨ᠎ᠠ᠃ | ᠭᠤᠷᠪᠠᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠲᠤᠰᠬᠠᠢ | ᠮᠡᠷᠭᠡᠵᠢᠯ ᠤᠨ ᠴᠢᠳᠠᠪᠤᠷᠢᠲᠠᠨ ᠤ ᠬᠥᠮᠦᠵᠢᠯ ᠢ ᠴᠢᠩᠭᠠᠳᠬᠠᠬᠤ᠂ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ | ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ 4 ᠲᠠᠯ᠎ᠠ ᠠᠴᠠ ᠬᠡᠷᠡᠭᠵᠢᠭᠦᠯᠦᠯᠲᠡ ᠪᠠᠲᠤᠯᠠᠭ᠎ᠠ ᠶᠢ ᠰᠠᠶᠢᠲᠤᠷ ᠬᠢᠬᠦ | ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ | ᠡᠭᠦᠨ ᠤ ᠬᠠᠮᠲᠤ᠂ ᠤᠯᠤᠰ ᠤᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠡᠭᠦᠷᠭᠡ ᠪᠠ ︽ᠬᠡᠷᠡᠭᠵᠢᠭᠦᠯᠬᠦ | ᠲᠥᠰᠥᠯ︾ ᠤᠨ ᠭᠤᠣᠯ ᠡᠭᠦᠷᠭᠡ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠣᠷᠣᠨ ᠤ | ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ 10 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ | ᠰᠢᠰᠲ᠋ᠧᠮ ᠲᠠᠢ ᠳᠤᠷᠠᠳᠪᠠ᠃ ᠡᠭᠦᠨ ᠳᠤ ᠨᠢᠭᠡᠳᠦᠭᠡᠷ᠂ ᠭᠤᠷᠪᠠᠳᠤᠭᠠᠷ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠵᠠᠩᠭᠢᠶᠠᠰᠤ ᠴᠡᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠥᠪᠡᠷ ᠤᠨ ᠥᠷᠲᠡᠭ ᠢ ᠪᠠᠭᠤᠷᠠᠭᠤᠯᠬᠤ ᠢᠨᠵᠧᠨᠧᠷᠢᠩ᠂ | ᠪᠣᠷᠤᠯᠠᠭᠤᠯᠭ᠎ᠠ ᠶᠢᠨ ᠭᠠᠵᠠᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠳᠡᠭᠡᠭᠰᠢᠯᠡᠭᠦᠯᠬᠦ ᠢᠨᠵᠧᠨᠧᠷᠢᠩ᠂ | ᠡᠮ ᠡᠮᠨᠡᠯᠭᠡ ᠶᠢᠨ ᠦᠢᠯᠡᠳᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠰᠢᠨ᠎ᠡ ᠶᠢ ᠡᠭᠦᠳᠴᠦ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢᠨ ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ | ᠲᠥᠬᠦᠭᠡᠷᠦᠮᠵᠢ ᠶᠢ ᠰᠢᠨᠡᠴᠢᠯᠡᠬᠦ ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠨᠢᠷᠤᠭᠤᠪᠴᠢ | ᠠᠵᠤ ᠠᠬᠤᠶᠢᠯᠠᠯ ᠢ ᠪᠤᠶᠢᠵᠢᠭᠤᠯᠬᠤ ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠪᠠᠷᠢᠮᠵᠢᠶ᠎ᠠ | ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠬᠦᠢᠲᠡᠨ ᠬᠡᠯᠬᠢᠶᠡᠲᠦ ᠢᠳᠡᠭᠡᠨ ᠤ ᠪᠥᠬᠦ | ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢᠨ ᠢᠨᠵᠧᠨᠧᠷᠢᠩ ᠢ ᠪᠠᠭᠲᠠᠭᠠᠵᠤ᠂ ᠴᠢᠭᠯᠡᠯᠲᠦ ᠴᠢᠨᠠᠷᠲᠠᠢ ᠪᠠᠷ | ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠤᠳᠠᠬᠳᠠᠯ ᠢ ᠨᠥᠬᠦᠪᠦᠷᠢᠯᠡᠬᠦ᠂ | ᠪᠠᠭᠤᠷᠠᠢ ᠲᠠᠯ᠎ᠠ ᠶᠢ ᠴᠢᠩᠭᠠᠷᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃ | | ᠪᠡᠯᠡᠳᠭᠡᠭᠡᠰᠡᠨ ᠨᠢ᠄ ᠼᠦᠢ ᠶᠢᠩ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ | |