| ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠳᠠ ᠶᠢᠨ ᠵᠢᠷᠭᠤᠳᠤᠭᠠᠷ ᠬᠤᠭᠤᠴᠠᠭᠠᠨ ᠤ | ᠬᠤᠷᠢᠶ᠎ᠠ ᠶᠢᠨ ᠵᠢᠷᠭᠤᠳᠤᠭᠠᠷ ᠪᠦᠭᠦᠳᠡ ᠬᠤᠷᠠᠯ 2023 ᠣᠨ ᠤ 7 ᠰᠠᠷᠠᠶᠢᠨ 28 ᠤ ᠡᠳᠦᠷ ᠬᠤᠷᠠᠯᠳᠤᠪᠠ᠃ | ᠬᠤᠷᠠᠯ ᠳᠤ ᠣᠷᠣᠯᠴᠠᠭᠰᠠᠳ ᠲᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 35 ᠬᠥᠮᠥᠨ᠂ ᠣᠷᠣᠯᠠᠭᠴᠢ | ᠭᠡᠰᠢᠭᠦᠨ 8 ᠬᠥᠮᠥᠨ ᠪᠤᠢ᠃ ᠬᠤᠳᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠨᠥᠬᠦᠳ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠠ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ | ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠳᠠ ᠶᠢᠨ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠤᠯᠠᠭᠠᠨᠴᠠᠪ ᠬᠤᠳᠠ ᠶᠢᠨ | ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠰᠠᠳ᠂ ᠬᠤᠳᠠ ᠶᠢᠨ | ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠨᠠᠮ ᠤᠨ ᠲᠥᠯᠥᠭᠡᠯᠡᠭᠴᠢ | ᠨᠠᠷ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠭᠢᠯᠡᠵᠦ᠂ | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ ᠯᠢ ᠶᠢᠩ ᠲᠤᠰ ᠲᠤᠰ ᠶᠠᠷᠢᠶ᠎ᠠ ᠲᠠᠯᠪᠢᠵᠠᠭᠠᠪᠠ᠃ | ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ | ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠤᠬᠠᠢ ᠪᠦᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ︽ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠲᠠ ᠶᠢᠨ ᠬᠤᠷᠢᠶ᠎ᠠ ᠶᠢᠨ | ᠰᠠᠨᠠᠯ︾ ᠢ ᠬᠢᠨᠠᠨ ᠶᠠᠷᠢᠯᠴᠠᠵᠤ ᠪᠠᠲᠤᠯᠠᠭᠠᠳ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠬᠠᠮᠢᠶ᠎ᠠ ᠪᠦᠬᠦᠢ ᠲᠠᠯ᠎ᠠ ᠶᠢᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠸᠠᠩ ᠵᠧᠨ ᠬᠠᠢ ︽ᠰᠠᠨᠠᠯ ︵ᠶᠠᠷᠢᠯᠴᠠᠬᠤ ᠨᠣᠣᠷᠠᠭ︶︾ ᠤᠨ | ᠲᠤᠬᠠᠢ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠄ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠥᠩᠭᠡᠷᠡᠭᠰᠡᠨ ᠤ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠲᠠᠢ ᠲᠤᠭᠤᠰᠢᠯᠠᠭᠤᠯᠤᠭᠳᠠᠭᠰᠠᠨ ᠢᠶᠠᠷ ᠪᠠᠷᠠᠬᠤ ᠦᠭᠡᠢ ᠪᠠᠰᠠ ᠰᠢᠨ᠎ᠡ | ᠦᠷᠭᠦᠯᠵᠢᠯᠡᠯ ᠥᠷᠭᠡᠵᠢᠯ᠂ ᠨᠡᠩ ᠥᠨᠳᠥᠷ ᠱᠠᠭᠠᠷᠳᠠᠯᠭ᠎ᠠ ᠲᠠᠢ ᠪᠤᠯᠤᠬᠰᠠᠨ ᠠᠴᠠ ᠪᠦᠬᠦ ᠬᠤᠳᠠ ᠶᠢᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ | ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠣᠨ ᠭᠤᠣᠯ ᠠᠭᠤᠯᠭ᠎ᠠ ᠴᠢᠬᠤᠯᠠ | ᠠᠭᠤᠯᠭ᠎ᠠ ᠶᠢ ᠰᠡᠳᠬᠢᠯ ᠲᠠᠯᠪᠢᠨ ᠣᠶᠢᠯᠠᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ | ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠠᠴᠠ ᠪᠠᠶᠢᠷᠢ ᠲᠣᠭᠲᠠᠭᠠᠯᠲᠠ ᠣᠯᠵᠤ᠂ ᠡᠭᠦᠷᠭᠡ ᠪᠠᠨ ᠲᠣᠳᠣᠷᠬᠠᠶᠢᠯᠠᠵᠤ᠂ ᠰᠡᠳᠬᠢᠯ | ᠰᠠᠨᠠᠭ᠎ᠠ ᠪᠠᠨ ᠬᠡᠷᠬᠢᠨ ᠬᠢᠬᠦ ᠶᠢ ᠰᠤᠳᠤᠯᠬᠤ ᠪᠠ ᠤᠶᠤᠨ ᠴᠢᠳᠠᠯ ᠢᠶᠠᠨ ᠬᠡᠷᠬᠢᠨ ᠰᠠᠶᠢᠲᠤᠷ ᠬᠢᠬᠦ ᠳᠡᠭᠡᠷ᠎ᠡ ᠲᠠᠯᠪᠢᠵᠤ᠂ | ᠠᠵᠢᠯ ᠤᠨ ᠠᠭᠤᠯᠭ᠎ᠠ ᠪᠠᠨ ᠲᠠᠰᠤᠷᠠᠯᠳᠠ ᠦᠭᠡᠢ ᠪᠠᠶᠠᠯᠢᠭᠵᠢᠭᠤᠯᠵᠤ᠂ ᠦᠢᠯᠡᠳᠦᠯᠭᠡ ᠶᠢᠨ ᠠᠷᠭ᠎ᠠ ᠬᠡᠮᠵᠢᠶ᠎ᠡ ᠶᠢᠨ | ᠰᠢᠨ᠎ᠡ ᠶᠢ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠦᠢᠯᠡᠳᠦᠯᠬᠡᠵᠢᠬᠦᠯᠦᠨ᠎ᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠄ | ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠲᠣᠭᠲᠠᠭᠠᠵᠤ᠂ ᠪᠣᠳᠠᠲᠤ ᠦᠷ᠎ᠡ ᠪᠦᠲᠦᠮᠵᠢ ᠪᠠᠷ | ᠹᠧᠩᠵᠧᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ | ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ ᠤ ᠡᠬᠢ | ᠪᠠᠶᠠᠯᠢᠭ᠂ ᠣᠷᠴᠢᠨ ᠲᠣᠭᠤᠷᠢᠨ ᠪᠠ ᠠᠮᠢ ᠠᠬᠤᠢ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ | ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ | ᠠᠵᠤ ᠠᠬᠤᠶᠢᠯᠠᠯ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠥᠷᠢᠰᠦᠯᠳᠦᠭᠡᠨ ᠤ | ᠳᠠᠪᠠᠭᠤᠯᠢᠭ ᠢ ᠪᠦᠬᠦ ᠬᠦᠴᠦᠨ ᠢᠶᠠᠷ ᠢᠶᠠᠨ ᠨᠡᠮᠡᠭᠳᠡᠭᠦᠯᠬᠦ ᠬᠡᠷᠡᠭᠲᠡᠢ︔ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠡᠮᠡᠴᠡᠯ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ | ᠶᠢᠨ ᠲᠤᠷᠰᠢᠯᠭ᠎ᠠ︾᠂ ︽ᠫᠦᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠡᠳ᠋ ᠤᠨ ᠵᠠᠰᠠᠭ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠢ | ᠨᠢᠭᠡ ᠮᠥᠴᠡ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ | ᠪᠠ ᠠᠮᠤᠷ ᠲᠦᠪᠰᠢᠨ ᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠤᠯᠤᠰ ᠤᠨ ᠴᠢᠬᠤᠯᠠ ᠡᠨᠧᠷᠭᠢ ᠪᠣᠯᠣᠨ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠡᠨᠧᠷᠭᠢ ᠶᠢᠨ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠤ ᠳᠠᠭᠠᠭᠠᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠠᠶᠢᠯᠤᠰᠢ ᠶᠢᠨ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠹᠯᠤᠷᠲᠤ ᠬᠢᠮᠢ ᠶᠢᠨ | ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠵᠦ᠂ ᠠᠵᠤ | ᠠᠬᠤᠶᠢᠯᠠᠯ ᠤᠨ ᠳᠦᠷᠢᠮ ᠢᠶᠠᠨ ᠳᠡᠭᠡᠭᠰᠢᠯᠡᠭᠦᠯᠬᠦ ᠶᠢ ᠨᠠᠷᠢᠯᠢᠭ ᠵᠢᠯᠤᠭᠤᠳᠴᠤ᠂ ᠠᠵᠤ ᠠᠬᠤᠢ ᠶᠢᠨ ᠰᠢᠨ᠎ᠡ | ᠨᠡᠮᠡᠭᠳᠡᠯ ᠤᠨ ᠴᠡᠭ ᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ︔ ᠤᠯᠤᠰ ᠤᠨ ᠴᠢᠬᠤᠯᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ ᠦᠶ᠎ᠡ ᠶᠢᠨ ᠠᠵᠤ ᠦᠢᠯᠡᠰ᠂ ᠦᠢᠯᠡᠳᠪᠦᠷᠢᠯᠡᠯ᠂ | ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ︽ᠡᠷᠳᠡᠨᠢ ᠰᠢᠰᠢ + ᠠᠯᠠᠰᠢᠨ ᠦᠬᠡᠷ︾ ᠤᠨ ᠭᠤᠣᠯᠯᠠᠬᠤ | ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠣᠨᠴᠠᠯᠢᠭᠲᠤ ᠲᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳᠠᠪᠠᠭᠤᠯᠢᠭ ᠠᠵᠤ ᠦᠢᠯᠡᠰ ᠤᠨ ᠰᠠᠭᠤᠷᠢ ᠶᠢ | ᠦᠷᠭᠦᠯᠵᠢᠯᠡᠨ ᠪᠠᠬᠢᠵᠢᠭᠦᠯᠬᠦ ᠬᠡᠷᠡᠭᠲᠡᠢ︔ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ | ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ | ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠯᠤᠭ᠎ᠠ ᠶᠢᠨ | ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠮᠠᠨ ᠤ ᠬᠤᠳᠠ ᠶᠢᠨ ᠪᠠᠷᠠᠭᠠᠨ ᠤ ᠭᠦᠢᠯᠭᠡᠭᠡᠨ ᠤ ᠠᠵᠤ | ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠹᠧᠩᠵᠧᠨ ᠬᠤᠳᠠ ᠶᠢᠨ ᠠᠯᠳᠠᠷᠰᠢᠯ ᠢ ᠳᠡᠭᠡᠭᠰᠢᠯᠡᠭᠦᠯᠵᠦ᠂ | ᠵᠤᠭᠠᠴᠠᠯ ᠤᠨ ᠲᠠᠲᠠᠬᠤ ᠬᠦᠴᠦᠨ ᠢ ᠨᠡᠮᠡᠭᠳᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭᠠᠨ ᠤ ᠬᠥᠭᠵᠢᠯᠲᠡ ᠶᠢᠨ | ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠪᠠᠶᠢᠷᠢᠯᠠᠭᠤᠯᠤᠯᠲᠠ | ᠱᠠᠭᠠᠷᠳᠠᠯᠭ᠎ᠠ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠹᠧᠩᠵᠧᠨ ᠬᠤᠲᠠ ᠶᠢᠨ ᠨᠠᠮ ᠤᠨ ᠬᠤᠷᠢᠶ᠎ᠠ ᠶᠢᠨ ᠰᠠᠨᠠᠯ︾ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠭᠤᠣᠯ | ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ | ᠳᠠᠭᠤᠷᠢᠰᠤᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠬᠦ ᠠᠵᠢᠯ ᠢ | ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠬᠤ ᠪᠠᠷ ᠭᠠᠷᠳᠠᠴᠠ ᠪᠣᠯᠭᠠᠵᠤ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ | ᠂ ᠦᠨᠳᠦᠰᠦᠲᠡᠨ ᠤ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠄ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ | ᠰᠠᠶᠢᠲᠠᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ︔ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ ᠳᠡᠭᠡᠳᠦ | ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ᠂ ᠬᠥᠯᠥᠰᠦᠨ ᠠᠵᠢᠯᠴᠢᠨ᠂ ᠠᠵᠢᠯ | ᠠᠯᠳᠠᠭᠰᠠᠳ ᠪᠠ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ | ᠣᠯᠭᠤᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠰᠢᠢᠳᠪᠦᠷᠢᠯᠡᠨ᠎ᠡ᠃ ᠠᠷᠠᠳ ᠤᠨ ᠠᠮᠢᠳᠤᠷᠠᠯ ᠤᠨ ᠨᠠᠭᠠᠲᠤ | ᠵᠠᠬ᠎ᠠ ᠶᠢᠨ ᠬᠤᠷᠢᠭ᠎ᠠ ᠱᠤᠭᠤᠮ ᠢ ᠪᠠᠲᠤ ᠴᠢᠩᠭ᠎ᠠ ᠵᠥᠪ ᠣᠨᠣᠪᠴᠢᠲᠠᠢ ᠰᠠᠶᠢᠲᠤᠷ ᠪᠠᠲᠤᠯᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ | ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠵᠤ᠂ ᠨᠢᠭᠡ | ᠬᠥᠮᠥᠨ ᠢ ᠴᠦ ᠬᠤᠴᠣᠷᠤᠭᠤᠯᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ︔ ᠣᠯᠠᠨ ᠲᠦᠮᠡᠨ ᠤ ᠠᠮᠢᠳᠤᠷᠠᠯ ᠤᠨ | ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ | ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠢ ᠪᠣᠳᠠᠲᠠᠢ ᠪᠥᠭᠡᠳ ᠨᠠᠷᠢᠯᠢᠭ ᠰᠠᠶᠢᠲᠤᠷ ᠡᠷᠬᠢᠯᠡᠨ᠂ | ᠨᠠᠰᠤᠵᠢᠯ ᠤᠨ ᠦᠢᠯᠡᠰ ᠪᠠ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠵᠣᠯ ᠵᠢᠷᠭᠠᠯ ᠤᠨ ᠬᠦᠷᠢᠶᠡᠯᠡᠩ ᠤᠨ ︽ | ᠭᠤᠷᠪᠠ ᠶᠢ ᠥᠭᠡᠷᠡᠴᠢᠯᠡᠵᠦ ᠭᠤᠷᠪᠠ ᠶᠢ ᠵᠠᠰᠠᠬᠤ︾ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ︽ᠲᠠᠪᠤ ᠶᠢ | ᠠᠳᠠᠯᠢ ᠠᠯᠬᠤᠮ ᠲᠠᠢ ᠪᠠᠶᠢᠯᠭᠠᠬᠤ︾ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠮᠨᠡᠬᠦ ᠪᠠ | ᠰᠤᠪᠢᠯᠠᠬᠤ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠣᠯᠠᠨ ᠲᠦᠮᠡᠨ ᠳᠤ ᠪᠥᠬᠦ ᠦᠶᠡᠯᠡᠯ ᠤᠨ ᠬᠤᠭᠤᠴᠠᠭ᠎ᠠ ᠲᠠᠢ᠂ ᠪᠥᠬᠦ ᠲᠠᠯ᠎ᠠ ᠪᠠᠷ ᠡᠮᠨᠡᠭᠦᠯᠬᠦ᠂ | ᠨᠠᠰᠤᠵᠢᠯ ᠤᠨ ᠠᠰᠠᠷᠠᠮᠵᠢ ᠶᠢ ︽ᠨᠢᠭᠡ ᠴᠣᠭᠴᠠᠵᠢᠭᠤᠯᠬᠤ︾ ᠦᠢᠯᠡᠴᠢᠯᠡᠭᠡ ᠬᠠᠩᠭᠠᠬᠤ ᠬᠡᠷᠡᠭᠳᠡᠢ᠃ | ᠪᠥᠬᠦᠳᠡ ᠬᠤᠷᠠᠯ ᠤᠨ ᠱᠠᠭᠠᠷᠳᠠᠯᠭ᠎ᠠ᠄ | ᠡᠯ᠎ᠡ ᠱᠠᠲᠤᠨ ᠤ ᠤᠳᠤᠷᠢᠳᠬᠤ ᠺᠠᠳ᠋ᠷ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ | ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠯ᠎ᠡ ᠲᠦᠷᠦᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ︔ ᠦᠵᠡᠯ ᠰᠠᠨᠠᠭ᠎ᠠ ᠪᠠᠨ ᠬᠦᠴᠦᠯᠡᠨ | ᠬᠤᠪᠢᠷᠠᠭᠤᠯᠵᠤ᠂ ᠦᠵᠡᠯᠲᠡ ᠪᠠᠨ ᠲᠠᠰᠤᠷᠠᠯᠳᠠ ᠦᠭᠡᠢ ᠰᠢᠨᠡᠳᠬᠡᠵᠦ᠂ ᠬᠤᠶᠢᠷᠭᠤ ᠦᠵᠡᠯ ᠰᠠᠨᠠᠭ᠎ᠠ ᠢᠨᠧᠷᠼᠢ ᠶᠢᠨ | ᠦᠵᠡᠯ ᠰᠠᠨᠠᠭ᠎ᠠ ᠪᠠ ᠨᠣᠶᠠᠳ ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠡᠪᠴᠢᠵᠦ᠂ | ᠰᠠᠨᠠᠭᠠᠴᠢᠯᠠᠭᠠᠲᠤ ᠤᠬᠠᠮᠰᠠᠷ ᠰᠢᠨ᠎ᠡ ᠶᠢ ᠡᠭᠦᠳᠬᠦ ᠤᠬᠠᠮᠰᠠᠷ ᠪᠠ ᠦᠢᠯᠡᠴᠢᠯᠡᠬᠦ ᠤᠬᠠᠮᠰᠠᠷ ᠢ ᠪᠤᠢ ᠪᠤᠯᠭᠠᠬᠤ ᠬᠡᠷᠡᠭᠳᠡᠢ | ︔ ᠠᠵᠢᠯ ᠤᠨ ᠰᠤᠷᠲᠠᠯ ᠢᠶᠠᠨ ᠬᠠᠯᠠᠨ ᠰᠠᠶᠢᠵᠢᠷᠠᠭᠤᠯᠵᠤ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ | ᠨᠡᠮᠡᠭᠳᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠪᠬᠡᠮᠡᠯ ᠲᠤᠰᠢᠶᠠᠬᠤ | ᠤᠬᠠᠮᠰᠠᠷ ᠢᠶᠠᠨ ᠴᠢᠩᠭᠠᠳᠬᠠᠵᠤ᠂ ᠰᠢᠢᠳᠪᠦᠷᠢᠯᠡᠬᠦ ᠰᠡᠳᠬᠢᠬᠦᠢ ᠪᠠᠨ ᠪᠠᠲᠤᠳᠬᠠᠬᠤ ᠬᠡᠷᠡᠭᠲᠡᠢ︔ ᠴᠢᠳᠠᠪᠤᠷᠢ ᠪᠠᠨ | ᠳᠡᠭᠡᠭᠰᠢᠯᠡᠭᠦᠯᠵᠦ᠂ ᠦᠨᠡᠨᠬᠦ ᠪᠣᠳᠠᠲᠠᠢ ᠠᠮᠵᠢᠯᠲᠠ ᠭᠠᠷᠭᠠᠵᠤ᠂ ᠠᠰᠠᠭᠤᠳᠠᠯ ᠢ ᠢᠯᠡᠷᠡᠭᠦᠯᠬᠦ ᠪᠠ ᠰᠢᠢᠳᠪᠦᠷᠢᠯᠡᠬᠦ | ᠴᠢᠩᠭ᠎ᠠ ᠬᠦᠰᠡᠯ ᠡᠷᠡᠮᠡᠯᠵᠡᠯ ᠪᠣᠯᠣᠨ ᠴᠢᠳᠠᠪᠤᠷᠢ ᠶᠢᠨ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠦᠨᠡᠨ ᠪᠣᠳᠠᠲᠠᠢ | ᠠᠵᠢᠯ ᠤᠨ ᠦᠷ᠎ᠡ ᠪᠦᠲᠦᠭᠡᠯ ᠭᠠᠷᠭᠠᠵᠤ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ᠂ ᠰᠠᠶᠢᠨ ᠢᠶᠠᠷ ᠬᠢᠵᠦ | ᠰᠠᠶᠢᠨ ᠢᠶᠠᠷ ᠪᠦᠲᠦᠭᠡᠬᠦ ᠬᠡᠷᠡᠭᠲᠡᠢ᠃ | ᠪᠥᠬᠦᠳᠡ ᠬᠤᠷᠠᠯ ᠠᠴᠠ ᠡᠨᠡ ᠵᠢᠯ ᠠᠴᠠ ᠨᠠᠰᠢᠬᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠠᠴᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠢ ︽ᠬᠤᠶᠠᠷ ᠢ ᠬᠠᠮᠠᠭᠠᠯᠠᠬᠤ︾ ᠡᠷᠡᠰ ᠪᠠᠲᠤ ᠤᠬᠠᠮᠰᠠᠷ ᠢ ᠦᠢᠯᠡᠳᠦᠯᠭᠡᠵᠢᠭᠦᠯᠵᠦ᠂ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠤᠨ ᠠᠮᠵᠢᠯᠲᠠ ᠪᠦᠲᠦᠮᠵᠢ ᠭᠠᠷᠭᠠᠵᠤ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠬᠦ ᠲᠠᠯ᠎ᠠ ᠪᠠᠷ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠪᠥᠭᠡᠳ ᠪᠦᠲᠦᠮᠵᠢᠲᠡᠢ | ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠨᠠᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠢ | ᠦᠷᠭᠦᠯᠵᠢᠯᠡᠨ ᠡᠷᠡᠭᠦᠯ ᠢᠶᠠᠷ ᠬᠥᠭᠵᠢᠭᠦᠯᠵᠦ᠂ ᠪᠦᠬᠦ ᠵᠢᠯ ᠤᠨ ᠵᠢᠱᠢᠭᠰᠡᠨ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ ᠬᠡᠵᠦ ᠰᠠᠨᠠᠯ ᠨᠢᠭᠡᠲᠡᠢ ᠦᠵᠡᠵᠡᠭᠡᠪᠡ᠃ | ᠪᠥᠬᠦᠳᠡ ᠬᠤᠷᠠᠯ ᠤᠨ ᠤᠷᠢᠶᠠᠯᠠᠭ᠎ᠠ᠄ | ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠥᠪᠡᠷᠲᠡᠭᠡᠨ | ᠵᠠᠰᠠᠬᠤ ᠣᠷᠣᠨ ᠪᠤᠯᠤᠨ ᠤᠯᠠᠭᠠᠨᠴᠠᠪ ᠬᠤᠳᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ | ᠰᠢᠨ᠎ᠡ ᠠᠶᠠᠨ ᠵᠠᠮ ᠳᠠᠭᠠᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠠᠵᠢᠯᠯᠠᠭ᠎ᠠ ᠳᠤ ᠹᠧᠩᠵᠧᠨ ᠤ ᠬᠤᠪᠢ ᠨᠡᠮᠡᠷᠢ ᠪᠠᠨ ᠨᠡᠩ ᠤᠯᠠᠨ ᠦᠵᠡᠭᠦᠯᠰᠦᠭᠡᠢ | ︕ | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |