ᠳᠤᠮᠳᠠᠳᠤ ᠤᠯᠤᠰ ᠤᠨ ᠡᠪ ᠬᠠᠮᠲᠤ ᠨᠠᠮ ᠤᠨ ᠹᠸᠡᠭᠵᠧᠨ ᠬᠤᠳᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/1/11
     ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠳᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ 2024 ᠣᠨ ᠤ 1 ᠰᠠᠷ᠎ᠠ ᠶᠢᠨ 5 ᠤ ᠡᠳᠦᠷ ᠬᠤᠷᠠᠯᠳᠤᠪᠠ᠃    ᠬᠤᠷᠠᠯ ᠳᠤ ᠤᠷᠤᠯᠴᠠᠬᠰᠠᠨ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 38 ᠬᠥᠮᠥᠨ᠂ ᠣᠷᠣᠯᠠᠭᠴᠢ ᠭᠡᠰᠢᠭᠦᠨ 9 ᠬᠥᠮᠥᠨ ᠪᠤᠢ᠃ ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠤᠯᠠᠭᠠᠨᠴᠠᠪ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ  ᠤᠷᠤᠯᠴᠠᠭᠰᠠᠨ ᠬᠡᠰᠡᠭ ᠬᠦᠮᠦᠰ᠂ ᠬᠤᠳᠠ ᠶᠢᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠨᠠᠷ ᠬᠤᠷᠠᠯ ᠳᠤ ᠰᠤᠯᠠ ᠣᠷᠣᠯᠴᠠᠪᠠ᠃    ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠭᠢᠯᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠧᠨ ᠬᠠᠢ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠬᠦᠳᠠ ᠬᠤᠷᠠᠯ ᠳᠤ ᠠᠵᠢᠯ ᠢᠶᠠᠨ ᠮᠡᠳᠡᠭᠦᠯᠦᠭᠰᠡᠨ ᠪᠥᠭᠡᠳ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠯᠢ ᠶᠢᠩ 2024 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃    ᠪᠥᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2023 ᠣᠨ ᠤ ᠠᠵᠢᠯ ᠢᠶᠠᠨ ᠳ᠋ᠦᠩᠨᠡᠨ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃    ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ   ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠡᠷᠴᠢ ᠵᠣᠷᠢᠭ ᠲᠠᠢ ᠪᠠᠷ ᠬᠥᠭᠵᠢᠯᠲᠡ ᠶᠢ ᠠᠬᠢᠭᠤᠯᠵᠤ᠂ ᠰᠢᠨᠲᠠᠷᠠᠰᠢ ᠦᠭᠡᠢ ᠴᠢᠷᠮᠠᠶᠢᠨ ᠤᠷᠤᠭᠰᠢᠯᠠᠵᠤ᠂ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠠᠮᠵᠢᠯᠲᠠ ᠪᠦᠲᠦᠮᠵᠢ ᠳᠦᠭᠦᠷᠡᠩ ᠦᠷ᠎ᠡ ᠪᠦᠲᠦᠮᠵᠢ ᠣᠯᠣᠭᠰᠠᠨ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ ᠬᠡᠵᠦ ᠤᠯᠠᠨ ᠢᠶᠠᠷ ᠢᠶᠠᠨ ᠰᠠᠨᠠᠯ ᠨᠢᠭᠡᠳᠡᠢ ᠦᠵᠡᠵᠡᠭᠡᠪᠡ᠃    ᠪᠥᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠰᠢᠷᠭᠠᠭᠤ ᠬᠠᠲᠠᠭᠤᠵᠢᠯᠲᠠᠢ ᠲᠡᠮᠡᠴᠡᠯ ᠨᠢ ᠪᠢᠳᠡᠨ ᠳᠤ ᠡᠷᠬᠡᠪᠰᠢ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠪᠠᠷ ᠡᠷᠡᠯᠬᠡᠭᠯᠡᠨ ᠤᠷᠤᠭᠰᠢᠯᠠᠬᠤ ᠬᠡᠷᠡᠭᠲᠡᠢ︔ ᠡᠷᠬᠡᠪᠰᠢ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ︔ ᠡᠷᠬᠡᠪᠰᠢ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ︽ᠲᠤᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ︔ ᠡᠷᠬᠡᠪᠰᠢ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠤᠳᠤᠷᠢᠳᠤᠯᠭ᠎ᠠ ᠲᠦᠷᠦᠭᠦᠯᠡᠭ᠊ ‍ᠤ᠋᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠪᠠᠷ ᠬᠠᠷᠢᠭᠤᠴᠠᠯᠭ᠎ᠠ ᠡᠭᠦᠷᠭᠡᠯᠡᠬᠦ ᠶᠢ ᠳᠠᠶᠢᠴᠢᠯᠠᠵᠤ᠂ ᠪᠣᠳᠠᠲᠠᠢ ᠠᠵᠢᠯᠯᠠᠬᠤ ᠪᠠᠷ ᠪᠣᠳᠠᠲᠠᠢ ᠠᠵᠢᠯᠯᠠᠬᠤ ᠶᠢ ᠠᠬᠢᠭᠤᠯᠬᠤ ᠬᠡᠷᠡᠭᠲᠡᠢ︔ ᠡᠷᠬᠡᠪᠰᠢ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠨᠢᠭᠡ ᠠᠯᠬᠤᠮ ᠶᠠᠪᠤᠭᠳᠠᠭᠤᠯᠬᠤ᠂ ᠨᠢᠭᠡ ᠱᠠᠲᠤᠨ ᠳᠤ ᠭᠦᠨᠵᠡᠭᠡᠶᠢᠷᠡᠭᠦᠯᠬᠦ᠂ ᠲᠦᠷᠭᠡᠨ ᠤᠷᠤᠭᠰᠢᠯᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ᠂ ᠠᠵᠢᠯ ᠬᠢᠵᠦ ᠦᠢᠯᠡᠰ ᠪᠣᠰᠬᠠᠬᠤ᠂ ᠵᠡᠷᠭᠡ ᠳᠡᠪᠰᠢᠬᠦ ᠭᠦᠨ ᠵᠤᠵᠠᠭᠠᠨ ᠠᠭᠤᠷ ᠠᠮᠢᠰᠬᠤᠯ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ ᠭᠡᠪᠡ᠃    ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠄    ᠡᠨᠡ ᠵᠢᠯ ᠤᠨ ᠪᠦᠬᠦ ᠬᠤᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠪᠣᠶᠢᠵᠢᠭᠤᠯᠬᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ ᠂ ᠣᠷᠣᠨ ᠪᠠᠶᠢᠷᠢ ᠶᠢ ᠳᠡᠭᠡᠭᠰᠢᠯᠡᠭᠦᠯᠬᠦ᠂ ︿ᠬᠤᠶᠠᠷ ᠶᠡᠭᠡ ᠶᠠᠪᠤᠳᠠᠯ﹀ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ﹀ ᠬᠠᠷᠠᠯᠲᠠ ᠶᠢ ᠲᠣᠭᠲᠠᠭᠠᠵᠤ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠨᠡᠩ ᠤᠯᠠᠨ  ᠹᠧᠩᠵᠧᠨ ᠤ ᠬᠢᠨ ᠤ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠄    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠡᠷᠲᠡᠨ ᠡᠳᠦᠭᠡ ᠶᠢᠨ ᠬᠤᠪᠢᠷᠠᠯᠲᠠ ᠶᠢ ᠬᠢᠨᠠᠵᠤ᠂ ᠴᠠᠭ ᠦᠶ᠎ᠡ ᠶᠢᠨ ᠪᠠᠶᠢᠳᠠᠯ ᠢ ᠠᠵᠢᠭᠯᠠᠵᠤ ᠪᠠᠶᠢᠭᠠᠳ ᠭᠠᠷᠭᠠᠭᠰᠠᠨ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠪᠣᠯᠣᠨ᠎ᠠ᠂ ᠡᠨᠡ ᠨᠢ ᠪᠢᠳᠡᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠬᠰᠠᠨ ᠠᠴᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠭᠤᠣᠯ ᠱᠤᠭᠤᠮ ᠤᠨ ᠤᠬᠠᠮᠰᠠᠷ ᠢ ᠢᠮᠠᠭᠲᠠ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠠᠵᠢᠯ ᠤᠨ ᠭᠤᠣᠯ ᠱᠤᠭᠤᠮ ᠢ ᠡᠯ᠎ᠡ ᠲᠦᠷᠦᠯ ᠤᠨ ᠠᠵᠢᠯ ᠤᠨ ᠪᠦᠬᠦ ᠬᠦᠷᠢᠶ᠎ᠡ᠂ ᠪᠦᠬᠦ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠨᠡᠩ ᠰᠠᠶᠢᠲᠤᠷ ᠠᠬᠢᠭᠤᠯᠬᠤ ᠬᠡᠷᠡᠭᠲᠡᠢ︔ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠤᠯᠤᠰ ᠲᠥᠷᠥ  ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠭᠤᠣᠯ ᠰᠢᠵᠢᠮ ᠠᠴᠠ ᠪᠠᠨ ᠥᠴᠥᠬᠡᠨ ᠴᠦ ᠰᠠᠯᠬᠤ ᠦᠭᠡᠢ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠬᠡᠷᠡᠭᠲᠡᠢ︔ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠢ ᠪᠥᠬᠦ ᠲᠠᠯ᠎ᠠ ᠪᠠᠷ   ᠲᠤᠭᠤᠰᠢᠯᠠᠭᠤᠯᠤᠨ ᠪᠠᠬᠢᠵᠢᠭᠦᠯᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ︔ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠬᠦ ᠬᠡᠷᠡᠭᠲᠡᠢ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠄    ︽ᠲᠠᠪᠤᠨ ᠶᠡᠭᠡ ᠡᠭᠦᠷᠭᠡ︾ ᠪᠣᠯ ᠪᠢᠳᠡᠨ ᠤ ᠡᠷᠬᠡᠪᠰᠢ ᠡᠭᠦᠷᠭᠡᠯᠡᠬᠦ ᠬᠡᠷᠡᠭᠲᠡᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠪᠠᠰᠠ ᠴᠤ ᠪᠢᠳᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠵᠠᠮ ᠮᠥᠨ᠂ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠪᠠ ︽ᠲᠠᠪᠤᠨ ᠶᠡᠭᠡ ᠡᠭᠦᠷᠭᠡ︾ ᠶᠢ ᠣᠷᠭᠠᠨᠢᠭ ᠢᠶᠠᠷ ᠤᠶᠠᠯᠳᠤᠭᠤᠯᠵᠤ᠂ ᠵᠣᠷᠢᠭᠲᠠᠢ ᠠᠳᠬᠤᠵᠤ᠂ ᠬᠤᠷᠳᠤᠴᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠪᠠ ᠬᠠᠷᠠᠯᠲᠠ ᠶᠢᠨ ᠦᠷ᠎ᠡ ᠪᠦᠲᠦᠭᠡᠯ ᠭᠠᠷᠭᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠢᠭᠡ ᠳᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠠᠶᠢᠭᠤᠯᠬᠤ ᠬᠡᠷᠡᠭᠲᠡᠢ᠃ ᠪᠥᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ︔  ᠬᠤᠶᠠᠷ ᠲᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠠᠶᠢᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠨ᠂ ᠡᠴᠦᠰ ᠲᠤᠨᠢ ᠲᠤᠯᠲᠠᠯ᠎ᠠ ᠪᠣᠯᠭᠤᠮᠵᠢᠲᠠᠢ ᠪᠠᠷ ᠲᠦᠭᠰᠢᠭᠦᠷᠢ ᠶᠢ ᠡᠬᠢᠯᠡᠨ ᠰᠡᠷᠭᠡᠶᠢᠯᠡᠵᠦ᠂ ᠠᠮᠤᠷ ᠲᠦᠪᠰᠢᠨ ᠢ ᠪᠠᠲᠤᠯᠠᠨ᠂ ᠲᠣᠭᠲᠠᠭᠤᠨ ᠪᠠᠶᠢᠳᠠᠯ ᠢ ᠬᠠᠮᠠᠭᠠᠯᠠᠵᠤ᠂ ᠥᠨᠳᠥᠷ ᠬᠢᠷᠢ ᠲᠦᠪᠰᠢᠨ ᠲᠠᠢ ︽ᠠᠮᠤᠷ ᠠᠮᠤᠭᠤᠯᠠᠩ ᠹᠧᠩᠵᠧᠨ︾ ᠤ ᠪᠦᠲᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ︔ ᠭᠤᠷᠪᠠ ᠳᠤ᠂ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠷᠴᠢᠮᠲᠡᠢ ᠰᠠᠶᠢᠨ ᠬᠢᠬᠦ ᠬᠡᠷᠡᠭᠲᠡᠢ᠃ ᠮᠠᠨ ᠤ ᠤᠯᠤᠰ ᠤᠨ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠨᠣᠭᠤᠭᠠᠨ ᠡᠨᠧᠷᠭᠢ ᠪᠠᠷ ᠣᠷᠣᠯᠠᠭᠤᠯᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ᠎ᠡ︔ ᠳᠥᠷᠪᠡ ᠳᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠤᠭ᠎ᠠ ᠬᠡᠮᠵᠢᠶ᠎ᠡ ᠪᠠᠷ ᠶᠡᠭᠡ ᠶᠠᠰᠤ ᠴᠢᠨᠠᠷ ᠢᠶᠠᠷ ᠰᠢᠯᠢᠳᠡᠭ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ︔ ᠲᠠᠪᠤ ᠳᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠥᠷᠨᠢᠭᠦᠨ ᠪᠠᠳᠠᠷᠠᠩᠭᠤᠢ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠭᠠᠳᠠᠭᠠᠳᠤ ᠨᠡᠭᠡᠭᠡᠯᠲᠡ ᠶᠢᠨ ᠲᠠᠰ ᠳᠠᠪᠬᠤᠷᠭ᠎ᠠ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠭᠵᠢᠯᠲᠡ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠄    ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠦᠨᠡᠨ ᠰᠡᠳᠬᠢᠯ ᠠᠴᠠ ᠪᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ︽ᠳᠤᠯᠠᠭᠠᠯᠠᠬᠤ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠡᠷᠡᠭᠦᠯ ᠡᠩᠬᠡ ᠹᠧᠩᠵᠧᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠬᠤᠳᠠ ᠶᠢᠨ ᠴᠢᠳᠠᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠠᠰᠢᠭ ᠬᠦᠷᠲᠡᠵᠦ ᠬᠠᠮᠲᠤ ᠪᠠᠷ ᠡᠳ᠋ᠯᠡᠬᠦ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠶᠢ ᠦᠨᠡᠨᠬᠦ ᠪᠠᠲᠤᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ ᠰᠠᠶᠢᠬᠠᠨ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠤᠯᠭᠠᠬᠤ ᠬᠡᠷᠡᠭᠳᠡᠢ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠄    ᠡᠨᠡ ᠵᠢᠯ ᠤᠨ ᠠᠵᠤ ᠠᠬᠤᠢ ᠶᠢᠨ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠲᠡᠭᠦᠨ ᠠᠴᠠ ᠥᠴᠥᠬᠡᠨ ᠴᠦ ᠵᠠᠶᠢᠳᠠᠬᠤ ᠦᠭᠡᠢ ᠪᠠᠷ ᠠᠰᠠᠭᠤᠳᠠᠯ ᠢ ᠪᠣᠳᠣᠯᠬᠢᠯᠠᠬᠤ᠂ ᠲᠦᠷᠦ ᠶᠢᠨ ᠪᠣᠳᠣᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠡᠷᠡᠰ ᠲᠤᠭᠤᠰᠢᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠢᠯᠡᠭᠦᠦ ᠬᠦᠷᠲᠡᠭᠡᠬᠦ ᠶᠢ ᠲᠦᠯᠬᠢᠨ ᠠᠬᠢᠭᠤᠯᠬᠤ ᠬᠡᠷᠡᠭᠲᠡᠢ᠃ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠨᠢᠭᠡ ᠳᠤ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠤᠨ ᠲᠠᠯ᠎ᠠ ᠪᠠᠷ ᠲᠡᠮᠡᠴᠡᠬᠦ ︽ᠡᠷᠴᠢ ᠵᠣᠷᠢᠭ︾ ᠲᠠᠢ ᠪᠠᠶᠢᠬᠤ ᠬᠡᠷᠡᠭᠲᠡᠢ᠃ ᠠᠵᠠ ᠲᠣᠬᠢᠶᠠᠯ ᠤᠨ ᠴᠣᠩᠬᠤᠨ ᠤ ᠬᠤᠭᠤᠴᠠᠭ᠎ᠠ ᠶᠢ ᠪᠠᠲᠤ ᠡᠵᠡᠮᠳᠡᠵᠦ᠂ ᠲᠦᠷᠦ ᠶᠢᠨ ᠪᠣᠳᠣᠯᠭ᠎ᠠ ᠶᠢᠨ ᠠᠰᠢᠭ ᠢ ᠭᠦᠢᠴᠡᠳ ᠪᠠᠳᠠᠷᠠᠭᠤᠯᠵᠤ᠂ ᠬᠥᠭᠵᠢᠯᠲᠡ ᠶᠢ ᠬᠢᠵᠠᠭᠠᠷᠯᠠᠬᠤ᠂ ᠠᠵᠤ ᠦᠢᠯᠡᠰ ᠢᠶᠠᠷ ᠲᠡᠳᠬᠦᠨ ᠳᠡᠮᠵᠢᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠲᠠᠯ᠎ᠠ ᠶᠢᠨ ᠨᠢᠭᠡ ᠪᠦᠯᠦᠭ ᠠᠰᠠᠭᠤᠳᠠᠯ ᠢ ᠦᠨᠡᠨᠬᠦ ᠰᠢᠢᠳᠪᠦᠷᠢᠯᠡᠨ᠎ᠡ︔ ᠬᠤᠶᠠᠷ ᠲᠤ᠂ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ ᠲᠠᠯ᠎ᠠ ᠪᠠᠷ ᠤᠷᠤᠭᠰᠢᠯᠠᠯᠲᠠ ᠶᠢᠨ ︽ᠡᠬᠢᠯᠡᠯᠲᠡ︾ ᠲᠠᠢ ᠪᠠᠶᠢᠬᠤ ᠬᠡᠷᠡᠭᠲᠡᠢ᠃ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠎ᠠ᠂ ᠠᠷᠠᠯᠵᠢᠶᠠᠴᠢᠨ ᠤᠷᠢᠬᠤ ᠶᠢ ᠠᠳᠬᠤᠵᠤ᠂ ᠨᠡᠮᠡᠭᠳᠡᠯ ᠢ ᠲᠤᠭᠲᠠᠪᠤᠷᠢᠵᠢᠭᠤᠯᠤᠨ᠎ᠠ᠂ ᠬᠡᠷᠡᠭᠯᠡᠭᠡ ᠶᠢ ᠠᠳᠬᠤᠵᠤ᠂ ᠵᠢᠱᠢᠯᠲᠡ ᠶᠢ ᠲᠣᠭᠲᠠᠪᠤᠷᠢᠵᠢᠭᠤᠯᠤᠨ᠎ᠠ︔ ᠭᠤᠷᠪᠠ ᠳᠤ᠂ ᠨᠡᠮᠡᠭᠳᠡᠯ ᠤᠨ ᠬᠥᠳᠡᠯᠭᠡᠬᠦ ᠬᠦᠴᠦᠨ ᠤ ᠲᠠᠯ᠎ᠠ ᠪᠠᠷ ᠰᠢᠨ᠎ᠡ ︽ᠡᠷᠡᠮᠡᠯᠵᠡᠯ︾ ᠲᠠᠢ ᠪᠠᠶᠢᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ︽ᠪᠦᠰᠡᠯᠡᠯᠲᠡ ᠶᠢ ᠰᠢᠪᠲᠤᠯᠵᠤ︾᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠠᠯ᠎ᠠ ᠪᠠᠷ ︽ᠰᠢᠯᠢᠳᠡᠭᠵᠢᠭᠦᠯᠵᠦ︾᠂ ᠭᠠᠳᠠᠭᠰᠢ ᠨᠡᠭᠡᠭᠡᠯᠲᠡ ᠬᠢᠬᠦ ᠲᠠᠯ᠎ᠠ ᠪᠠᠷ ︽ᠥᠷᠭᠡᠳᠬᠡᠵᠦ︾ ᠪᠠᠶᠢᠨ᠎ᠠ︔ ᠳᠥᠷᠪᠡ ᠳᠤ᠂ ᠠᠵᠤ ᠦᠢᠯᠡᠰ ᠤᠨ ᠲᠡᠰ ᠲᠡᠪᠰᠢᠯᠳᠡ ᠶᠢᠨ ᠲᠠᠯ᠎ᠠ ᠪᠠᠷ ᠴᠢᠩᠭ᠎ᠠ ︽ᠪᠡᠶ᠎ᠡ︾ ᠲᠠᠢ ᠪᠠᠶᠢᠬᠤ ᠬᠡᠷᠡᠭᠲᠡᠢ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠪᠣᠬᠢᠷᠲᠤᠯ ᠦᠭᠡᠢ ᠪᠣᠯᠭᠠᠬᠤ ᠶᠢ ᠲᠤᠪᠤᠶᠢᠯᠭᠠᠵᠦ᠂ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠬᠤ ᠶᠢ ᠲᠤᠪᠤᠶᠢᠯᠭᠠᠵᠦ᠂ ᠭᠤᠷᠪᠠᠳᠤᠭᠠᠷ ᠠᠵᠤ ᠦᠢᠯᠡᠰ ᠢ ᠨᠠᠷᠢᠯᠢᠭᠵᠢᠭᠤᠯᠬᠤ ᠶᠢ ᠲᠤᠪᠤᠶᠢᠯᠭᠠᠬᠤ ᠬᠡᠷᠡᠭᠲᠡᠢ︔ ᠲᠠᠪᠤ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠲᠠᠯ᠎ᠠ ᠪᠠᠷ ᠰᠢᠯᠢᠳᠡᠭ ︽ᠭᠠᠪᠰᠢᠭᠠᠶᠢᠯᠠᠭᠴᠢ︾ ᠲᠠᠢ ᠪᠠᠶᠢᠬᠤ ᠬᠡᠷᠡᠭᠲᠡᠢ᠃ ︽ᠨᠣᠭᠤᠭᠠᠷᠠᠭᠤᠯᠤᠯᠲᠠ ᠶᠢ ᠥᠷᠭᠡᠳᠬᠡᠬᠦ︾᠂ ︽ᠨᠡᠮᠡᠭᠳᠡᠭᠦᠯᠬᠦ︾᠂ ︽ᠪᠣᠬᠢᠷᠲᠤᠯ ᠢ ᠪᠠᠭᠠᠰᠬᠠᠬᠤ︾ ᠪᠠ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠬᠤ︾ ᠠᠵᠢᠯ ᠢ ᠰᠠᠶᠢᠲᠤᠷ ᠬᠢᠬᠦ ᠬᠡᠷᠡᠭᠲᠡᠢ︔ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠪᠠᠲᠤᠯᠠᠬᠤ ᠲᠠᠯ᠎ᠠ ᠪᠠᠷ ᠪᠣᠳᠠᠲᠠᠢ ︽ᠠᠰᠢᠭ︾ ᠲᠠᠢ ᠪᠠᠶᠢᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠤᠷᠢᠶᠠᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠠᠷᠢᠯᠭᠠᠵᠤ᠂ ᠵᠥᠷᠢᠴᠡᠯ ᠢ ᠠᠷᠢᠯᠭᠠᠬᠤ ᠠᠵᠢᠯ ᠢ ᠰᠠᠶᠢᠲᠤᠷ ᠬᠢᠨ᠎ᠡ᠃ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠲᠤᠰᠢᠶᠠᠯ ᠬᠠᠷᠢᠭᠤᠴᠠᠯᠭ᠎ᠠ ᠪᠠᠨ ᠪᠠᠶᠢᠩᠭᠤᠵᠢᠭᠤᠯᠤᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ︽ ᠪᠠᠴᠢᠮᠳᠠᠵᠤ ᠬᠦᠴᠢᠷᠳᠡᠵᠦ ᠵᠤᠪᠠᠵᠦ ᠬᠦᠰᠡᠵᠦ︾ ᠪᠠᠶᠢᠬᠤ ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦ ᠲᠠᠯᠪᠢᠨ ᠰᠠᠶᠢᠲᠤᠷ ᠰᠢᠢᠳᠪᠦᠷᠢᠯᠡᠨ᠎ᠡ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠄    ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢ ᠡᠷᠬᠢᠮᠯᠡᠬᠦ ᠶᠡᠭᠡ ᠲᠠᠯ᠎ᠠ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠨᠡᠩ ᠪᠠᠲᠤ ᠴᠢᠩᠭ᠎ᠠ ᠬᠦᠴᠦᠨ ᠲᠠᠢ ᠲᠠᠶᠢᠴᠢᠨ ᠪᠠᠬᠢᠯᠡᠯᠲᠡ ᠶᠢ ᠪᠠᠲᠤ ᠪᠠᠬᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠰᠤᠷᠲᠠᠯ ᠢ ᠰᠠᠶᠢᠵᠢᠷᠠᠭᠤᠯᠬᠤ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠪᠠᠲᠤᠯᠠᠭ᠎ᠠ ᠪᠣᠯᠭᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃    ᠪᠥᠬᠦᠳᠡ ᠬᠤᠷᠠᠯ ᠤᠨ ᠤᠷᠢᠶ᠎ᠠ᠄    ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ︽ᠠᠮᠢ ᠴᠦᠯᠡᠨ ᠲᠡᠮᠡᠴᠡᠬᠦ︾ ᠴᠤᠭ ᠰᠦᠯᠳᠡ ᠪᠠ ︽ᠪᠤᠯᠢᠶᠠᠯᠴᠠᠬᠤ︾ ᠪᠠᠴᠢᠮ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠦᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠵᠤ᠂ ᠦᠨᠡᠨ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠣᠯᠠᠨ ᠨᠠᠩ ᠶᠡᠭᠡ ᠬᠤᠪᠢ ᠨᠡᠮᠡᠷᠢ ᠦᠵᠡᠭᠦᠯᠦᠶ᠎ᠡ︕        ᠨᠠᠶᠢᠷᠠᠭᠤᠯᠤᠭᠴᠢ᠄ ᠯᠢ ᠰᠧ ᠬᠤᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3