ᠲᠤᠯᠠᠭᠠᠴᠠᠭᠤᠯᠭ᠎ᠠ ᠶᠢᠨ ᠤᠬᠠᠭᠤᠯᠭ᠎ᠠ ᠶᠢ ᠲᠦᠮᠡᠨ ᠡᠷᠦᠬᠡ ᠳᠤ ᠬᠦᠷᠭᠡᠵᠦ᠂ ᠬᠠᠯᠠᠭᠤᠨ ᠰᠡᠳᠭᠢᠯᠭᠡ ᠪᠠᠷ ᠵᠤᠪᠠᠭᠤᠷᠢ ᠶᠢ ᠰᠢᠢᠳᠪᠦᠷᠢᠯᠡᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/10/11
   10 ᠰᠠᠷ᠎ᠠ ᠶᠢᠨ 8 ᠤ ᠡᠳᠦᠷ᠂ ᠢᠯᠴᠢ ᠬᠠᠩᠭᠠᠬᠤ ᠦᠢᠯᠡᠴᠢᠯᠡᠭᠡᠨ ᠤ ᠠᠵᠢᠯᠲᠠᠳ ᠮᠢᠩ ᠵᠦ ᠲᠣᠭᠤᠷᠢᠭ᠂ ᠲᠢᠶᠠᠨ ᠵᠢᠶᠣᠣ ᠶᠤᠸᠠᠨ ᠲᠣᠭᠤᠷᠢᠭ᠂ ᠰᠢᠨ ᠬᠤᠸᠠ ᠶᠤᠸᠠᠨ ᠲᠣᠭᠤᠷᠢᠭ᠂ ᠹᠧᠩ ᠮᠧᠶ ᠲᠣᠭᠤᠷᠢᠭ ᠤᠨ ᠪᠠᠶᠢᠰᠢᠩ ᠲᠣᠭᠤᠷᠢᠭ ᠵᠡᠷᠭᠡ ᠣᠯᠠᠨ ᠣᠷᠣᠨ ᠰᠠᠭᠤᠴᠠ ᠶᠢᠨ ᠲᠣᠭᠤᠷᠢᠭ ᠲᠤ ᠬᠦᠷᠴᠦ ᠢᠯᠴᠢ ᠬᠠᠩᠭᠠᠬᠤ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠥᠷᠭᠡᠨ ᠣᠯᠠᠨ ᠰᠠᠭᠤᠭᠠᠯᠢ ᠠᠷᠠᠳ ᠲᠤ ᠢᠯᠴᠢ ᠬᠠᠩᠭᠠᠬᠤ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠭᠰᠠᠨ ᠢᠶᠠᠷ ᠪᠠᠷᠠᠬᠤ ᠦᠭᠡᠢ᠂ ᠪᠠᠰᠠ ᠢᠯᠴᠢ ᠬᠠᠩᠭᠠᠬᠤ ᠲᠠᠯ᠎ᠠ ᠶᠢᠨ ᠬᠡᠷᠡᠭᠯᠡᠭᠡᠨ ᠤ ᠶᠡᠷᠦ ᠶᠢᠨ ᠮᠡᠳᠡᠯᠭᠡ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠨ ᠥᠭᠴᠦ᠂ ᠡᠷᠦᠬᠡ ᠪᠣᠯᠭᠠᠨ ᠴᠥᠮ ᠢᠯᠴᠢ ᠬᠠᠩᠭᠠᠬᠤ ᠦᠨᠳᠦᠰᠦᠨ ᠶᠣᠰᠣ ᠪᠠ ᠬᠠᠮᠠᠭᠠᠯᠠᠬᠤ ᠤᠷ᠎ᠠ ᠮᠡᠷᠭᠡᠵᠢᠯ ᠢ ᠣᠶᠢᠯᠠᠭᠠᠬᠤ ᠶᠢ ᠦᠨᠡᠨᠬᠦ ᠪᠠᠳᠤᠯᠠᠪᠠ᠃ ᠦᠢᠯᠡᠴᠢᠯᠡᠭᠡᠨ ᠤ ᠳᠥᠭᠦᠮ ᠳᠥᠲᠡ ᠴᠢᠨᠠᠷ ᠪᠠ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠵᠢᠯᠲᠠᠳ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ ᠵᠢᠴᠢ ᠨᠢᠭᠡᠴᠡ ᠨᠢᠭᠡᠪᠦᠷᠢ ᠶᠢᠨ ᠡᠭᠦᠳᠡᠨ ᠳᠡᠭᠡᠷᠡᠬᠢ ᠢᠯᠡ ᠭᠠᠵᠠᠷ ᠲᠤ ᠢᠯᠴᠢ ᠬᠠᠩᠭᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠪᠠ ᠢᠯᠴᠢ ᠬᠠᠩᠭᠠᠬᠤ ᠵᠢᠵᠢᠭ ᠫᠷᠣᠭ᠍ᠷᠠᠮ ᠤᠨ ᠬᠤᠶᠠᠷ ᠬᠡᠮᠵᠢᠯᠲᠦ ᠺᠣᠳ᠋ ᠢ ᠨᠠᠭᠠᠵᠤ᠂ ︽ᠢᠯᠴᠢ ᠬᠠᠩᠭᠠᠬᠤ ᠤᠴᠢᠷ ᠲᠠᠢ ᠪᠣᠯ ᠨᠠᠳᠠ ᠶᠢ ᠡᠷᠢᠭᠡᠷᠡᠢ᠂ ᠭᠡᠷ ᠴᠢᠨᠢ ᠲᠤᠯᠠᠭᠠᠨ ᠦᠭᠡᠢ ᠪᠣᠯ ᠪᠢ ᠬᠠᠪᠰᠤᠷᠤᠶ᠎ᠠ︾ ᠭᠡᠬᠦ ᠳᠣᠲᠣᠨᠣ ᠦᠢᠯᠡᠴᠢᠯᠡᠭᠡᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠡᠨᠡᠬᠦ ᠲᠥᠪ ᠬᠢᠴᠢᠶᠡᠩᠭᠦᠢ ᠠᠮᠠᠯᠠᠯᠲᠠ ᠶᠢ ᠬᠥᠮᠥᠨ ᠪᠦᠬᠦᠨ ᠳᠤ ᠮᠡᠳᠡᠭᠦᠯᠦᠨ᠎ᠡ᠃ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠨᠠᠩ ᠳᠥᠭᠦᠮ ᠳᠥᠲᠡ ᠪᠥᠭᠡᠳ ᠲᠦᠷᠭᠡᠨ ᠢᠶᠠᠷ ᠢᠯᠴᠢ ᠬᠠᠩᠭᠠᠬᠤ ᠦᠢᠯᠡᠴᠢᠯᠡᠭᠡ ᠶᠢ ᠭᠥᠷᠳᠡᠵᠦ ᠪᠣᠯᠬᠤ ᠪᠥᠭᠡᠳ ᠭᠡᠷ ᠠᠴᠠ ᠪᠠᠨ ᠭᠠᠷᠬᠤ ᠦᠭᠡᠢ ᠪᠠᠷ ᠭᠡᠷ ᠤᠨ ᠳᠤᠯᠠᠭᠠᠯᠭ᠎ᠠ ᠶᠢᠨ ᠡᠯ᠎ᠡ ᠵᠦᠢᠯ ᠤᠨ ᠠᠰᠠᠭᠤᠳᠠᠯ ᠢ ᠴᠤ ᠲᠦᠷᠭᠡᠨ ᠰᠢᠢᠳᠪᠦᠷᠢᠯᠡᠵᠦ ᠪᠣᠯᠬᠤ ᠶᠤᠮ᠃        ᠵᠣᠬᠢᠶᠠᠭᠴᠢ᠄ ᠶᠠᠨ ᠰᠢᠶᠠ ᠹᠧᠢ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3