ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠤᠷᠳᠤᠴᠠ ᠶᠢ ᠨᠡᠮᠡᠭᠳᠡᠭᠦᠯᠬᠦ︾ ᠬᠠᠪᠰᠤᠷᠤᠨ ᠰᠢᠢᠳᠭᠡᠭᠴᠢ ᠣᠷᠣᠯᠠᠨ ᠰᠢᠢᠳᠭᠡᠭᠴᠢ ᠶᠢᠨ ︽ᠲᠤᠯᠠᠭᠠᠴᠠ ᠶᠢ ᠳᠡᠭᠡᠭᠰᠢᠯᠡᠭᠦᠯᠬᠦ︾ │ ᠹᠧᠩᠵᠧᠨ ᠬᠤᠲᠠ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠤᠨ ᠬᠢᠨ ᠠᠵᠤ ᠠᠬᠤᠶᠢᠯᠠᠯ ᠤᠨ ᠬᠥᠭᠵᠢᠯᠲᠡ ᠳᠤ ᠥᠨᠳᠥᠷ ᠪᠦᠲᠦᠮᠵᠢᠲᠡᠶ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/11
   ᠤᠢᠢᠷ᠎ᠠ ᠶᠢᠨ ᠵᠢᠯ ᠠᠴᠠ᠂ ᠹᠧᠩᠵᠧᠨ ᠬᠤᠳᠠ ᠶᠢᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠭᠤᠣᠯ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠬᠤ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠠᠨ ᠰᠠᠶᠢᠵᠢᠷᠠᠭᠤᠯᠬᠤ ᠪᠠᠷ ᠳᠠᠮᠵᠢᠭᠤᠯᠵᠤ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠣᠷᠣᠵᠤ ᠰᠠᠭᠤᠭᠰᠠᠨ ᠠᠵᠤ ᠠᠬᠤᠶᠢᠯᠠᠯ ᠳᠤ ᠪᠦᠬᠦ ᠲᠠᠯ᠎ᠠ ᠶᠢᠨ ᠳᠡᠮᠵᠢᠯᠭᠡ ᠪᠠ ᠦᠢᠯᠡᠴᠢᠯᠡᠭᠡ ᠬᠠᠩᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠦᠩ ᠰᠢᠮᠡᠯᠢᠭ ᠬᠥᠷᠥᠰᠥ ᠰᠢᠷᠣᠢ ᠶᠢ ᠴᠣᠭᠴᠠᠯᠠᠪᠠ᠃ ᠹᠧᠩᠵᠧᠨ ᠬᠤᠲᠠ ᠶᠢᠨ ᠬᠠᠪᠰᠤᠷᠤᠨ ᠬᠦᠢᠴᠡᠳᠭᠡᠭᠦ ᠣᠷᠣᠯᠠᠨ ᠬᠦᠢᠴᠡᠳᠭᠡᠭᠦ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠣᠷᠣᠨ ᠪᠠᠶᠢᠭᠤᠯᠤᠭᠳᠠᠭᠰᠠᠨ ᠠᠴᠠ ᠨᠠᠰᠢ᠂  ᠦᠢᠯᠡᠴᠢᠯᠡᠭᠡᠨ ᠤ ᠠᠯᠬᠤᠮ ᠳᠠᠷᠠᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠳᠤ ᠡᠯ᠎ᠡ ᠲᠥᠷᠥᠯ ᠤᠨ ᠬᠠᠪᠰᠤᠷᠤᠨ ᠬᠦᠢᠴᠡᠳᠭᠡᠭᠦ ᠣᠷᠣᠯᠠᠨ ᠬᠦᠢᠴᠡᠳᠭᠡᠭᠦ ᠦᠢᠯᠡᠴᠢᠯᠡᠭᠡ ᠬᠠᠩᠭᠠᠵᠤ᠂ ᠥᠨᠳᠥᠷ ᠪᠦᠲᠦᠮᠵᠢᠲᠡᠶ᠂ ᠳᠥᠭᠦᠮ ᠳᠥᠲᠡ ᠦᠢᠯᠡᠴᠢᠯᠡᠭᠡ ᠪᠠᠷ ᠢᠶᠠᠨ ᠠᠵᠤ ᠠᠬᠤᠶᠢᠯᠠᠯ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠵᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ︽ᠬᠤᠷᠳᠤᠴᠠ ᠶᠢ ᠨᠡᠮᠡᠭᠳᠡᠭᠦᠯᠵᠦ︾᠂ ︽ᠲᠤᠯᠠᠭᠠᠴᠠ ᠶᠢ ᠳᠡᠭᠡᠭᠰᠢᠯᠡᠭᠦᠯᠦᠭᠰᠡᠨ︾ ᠪᠠᠶᠢᠨ᠎ᠠ᠃
   ᠹᠧᠩᠵᠧᠨ ᠬᠤᠲᠠ ᠶᠢᠨ ᠬᠠᠪᠰᠤᠷᠤᠨ ᠬᠦᠢᠴᠡᠳᠭᠡᠭᠦ ᠣᠷᠣᠯᠠᠨ ᠬᠦᠢᠴᠡᠳᠭᠡᠭᠦ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠲᠤ ᠴᠢᠯᠥᠭᠡᠲᠡᠶ ᠪᠥᠲᠥᠭᠡᠨ ᠪᠠᠶᠢᠭᠤᠯᠤᠯᠲᠠ ᠬᠢᠵᠦ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠯᠦᠭᠡ ᠨᠢᠭᠡ ᠴᠤᠭᠴᠠᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭ ᠶᠠᠪᠤᠳᠠᠯ ᠢ ᠬᠦᠢᠴᠡᠳᠭᠡᠭᠦ ᠳᠤ ᠲᠥᠬᠦᠮ ᠦᠵᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠡᠷᠡᠭ ᠶᠠᠪᠤᠳᠠᠯ ᠬᠦᠢᠴᠡᠳᠭᠡᠭᠦ ᠴᠤᠪᠤᠷᠠᠯ ᠢ ᠳᠥᠭᠦᠮᠴᠢᠯᠡᠨ᠎ᠡ᠃ ᠬᠠᠪᠰᠤᠷᠤᠨ ᠰᠢᠢᠳᠪᠦᠷᠢᠯᠡᠵᠦ ᠣᠷᠣᠯᠠᠨ ᠬᠦᠢᠴᠡᠳᠭᠡᠭᠦ ᠵᠦᠢᠯᠡᠰ ᠤᠨ ᠨᠠᠷᠢᠨ ᠬᠠᠭᠤᠳᠠᠰᠤ ᠳᠤ ᠨᠡᠶᠢᠲᠡ 31  ᠵᠦᠢᠯ ᠤᠨ ᠠᠭᠤᠯᠭ᠎ᠠ ᠶᠢ ᠬᠠᠮᠤᠷᠴᠠᠶ᠂ ᠡᠭᠦᠨ ᠳᠤ ᠠᠵᠤ ᠠᠬᠤᠶᠢᠯᠠᠯ ᠨᠡᠭᠡᠭᠡᠨ ᠡᠷᠭᠢᠯᠡᠬᠦ᠂ ᠪᠠᠷᠢᠯᠭ᠎ᠠ ᠶᠢᠨ ᠠᠵᠢᠯ ᠪᠠᠷᠢᠬᠤ ᠶᠢ ᠵᠥᠪᠰᠢᠶᠡᠷᠡᠬᠦ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠬᠤ ᠵᠡᠷᠭᠡ ᠵᠠᠩᠭᠢᠯᠠᠭ᠎ᠠ ᠶᠢᠨ ᠵᠦᠢᠯᠡᠰ ᠢ ᠪᠠᠭᠲᠠᠭᠠᠨ᠎ᠠ᠃          ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠰᠠᠨ ᠨᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3