| 2024 ᠣᠨ ᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ | ᠬᠤᠲᠠ ᠶᠢᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠹᠧᠩᠵᠧᠨ ᠬᠤᠲᠠ ᠤᠷᠢᠳᠴᠢᠯᠠᠨ | ᠪᠠᠶᠢᠷᠢᠯᠠᠭᠤᠯᠵᠤ᠂ ᠨᠢᠮᠪᠠᠢ ᠵᠣᠬᠢᠶᠠᠨ ᠪᠠᠶᠢᠭᠤᠯᠤᠨ᠂ ᠢᠯᠴᠢ ᠬᠠᠩᠭᠠᠬᠤ ᠪᠡᠯᠡᠳᠬᠡᠯ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ 10 ᠰᠠᠷ᠎ᠠ ᠶᠢᠨ 7 ᠤ ᠡᠳᠦᠷ ᠠᠴᠠ ᠡᠬᠢᠯᠡᠨ ᠢᠯᠴᠢ ᠶᠢ ᠵᠢᠩᠬᠢᠨᠢ ᠪᠠᠷ ᠬᠠᠩᠭᠠᠬᠤ ᠶᠢᠨ | ᠬᠠᠮᠲᠤ ᠢᠳᠡᠭ ᠢᠳᠡᠭ ᠢᠶᠠᠷ ᠳᠠᠷᠤᠯᠲᠠ ᠥᠭᠴᠦ ᠳᠤᠯᠠᠭᠠᠨ ᠪᠣᠯᠭᠠᠪᠠ᠃ | | ᠰᠢᠨ ᠹᠧᠩ ᠢᠯᠴᠢ ᠶᠢᠨ ᠴᠠᠬᠢᠯᠭᠠᠨ ᠤ ᠺᠣᠮᠫᠠᠨᠢ ᠳᠤ ᠣᠷᠣᠬᠤ ᠳᠤ᠂ ᠢᠯᠴᠢ ᠬᠠᠩᠭᠠᠬᠤ ᠮᠠᠰᠢᠨ | ᠴᠣᠭᠴᠠᠯᠠᠪᠤᠷᠢ ᠶᠢᠨ ᠲᠥᠪᠯᠡᠷᠡᠭᠦᠯᠦᠨ ᠡᠵᠡᠮᠳᠡᠬᠦ ᠲᠠᠰᠤᠭ ᠲᠤ ᠶᠠᠭᠠᠷᠠᠯᠲᠠᠢ ᠪᠠᠶᠢᠳᠠᠯ ᠢᠯᠡᠷᠡᠵᠦ᠂ ᠡᠯ᠎ᠡ ᠠᠵᠢᠯ ᠤᠨ | ᠪᠠᠶᠢᠷᠢ ᠶᠢᠨ ᠠᠵᠢᠯᠲᠠᠳ ᠬᠢᠨᠠᠨ ᠡᠵᠡᠮᠳᠡᠬᠦ ᠳᠡᠯᠭᠡᠴᠡ ᠶᠢᠨ ᠡᠮᠦᠨ᠎ᠡ ᠠᠴᠠ ᠰᠠᠬᠢᠨ ᠰᠠᠭᠤᠵᠤ᠂ ᠠᠵᠢᠯᠯᠠᠭᠠᠨ ᠤ | ᠪᠣᠯᠵᠣᠯᠲᠤ ᠲᠤᠭ᠎ᠠ ᠨᠢᠭᠡᠪᠦᠷᠢ ᠶᠢ ᠴᠢᠩᠭ᠎ᠠ ᠠᠵᠢᠭᠯᠠᠨ᠎ᠠ᠃ ᠨᠡᠭᠦᠷᠡᠰᠦ ᠬᠠᠳᠠᠭᠠᠯᠠᠬᠤ ᠲᠠᠯᠠᠪᠠᠢ ᠳᠤ᠂ ᠨᠡᠭᠦᠷᠡᠰᠦ | ᠵᠥᠭᠡᠭᠡᠪᠦᠷᠢᠯᠡᠬᠦ ᠮᠠᠰᠢᠨ ᠲᠡᠷᠭᠡ ᠳᠡᠰ ᠳᠠᠷᠠᠭ᠎ᠠ ᠲᠠᠢ ᠪᠠᠷ ᠨᠡᠭᠦᠷᠡᠰᠦ ᠬᠠᠳᠠᠭᠠᠯᠠᠬᠤ ᠲᠠᠰᠤᠭ ᠲᠤ ᠣᠷᠣᠵᠤ᠂ ᠡᠮᠬᠢ | ᠵᠢᠷᠤᠮ ᠲᠠᠢ ᠪᠠᠷ ᠨᠡᠭᠦᠷᠡᠰᠦ ᠪᠠᠭᠤᠯᠭᠠᠵᠤ ᠪᠤᠢ᠃ | | ᠰᠤᠷᠪᠤᠯᠵᠢᠯᠠᠭᠴᠢ ᠹᠧᠩ ᠳ᠋ᠢᠶᠠᠨ ᠡᠨᠧᠷᠭᠢ ᠶᠢᠨ ᠺᠣᠮᠫᠠᠨᠢ ᠳᠤ ᠠᠵᠢᠯᠲᠠᠳ ᠮᠠᠰᠢᠨ ᠴᠣᠭᠴᠠᠯᠠᠪᠤᠷᠢ ᠶᠢᠨ | ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠴᠠᠭᠠᠨ ᠵᠠᠰᠠᠵᠤ᠂ ᠮᠠᠰᠢᠨ ᠴᠣᠭᠴᠠᠯᠠᠪᠤᠷᠢ ᠶᠢᠨ ᠤᠷᠳᠤ ᠬᠤᠭᠤᠴᠠᠭ᠎ᠠ ᠪᠠᠷ | ᠲᠣᠭᠲᠠᠭᠤᠨ ᠠᠵᠢᠯᠯᠠᠬᠤ ᠶᠢ ᠪᠠᠲᠤᠯᠠᠵᠤ᠂ ᠢᠯᠴᠢ ᠬᠠᠩᠭᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ | ᠪᠠᠶᠢᠬᠤ ᠶᠢ ᠣᠯᠵᠤ ᠬᠠᠷᠠᠪᠠ᠃ | | ᠬᠠᠯᠠᠭᠤᠨ ᠲᠣᠣᠷ ᠤᠨ ᠡᠷᠭᠢᠯᠲᠡ ᠶᠢᠨ ᠤᠰᠤᠨ ᠤ ᠲᠠᠰᠤᠷᠠᠯᠲᠠ ᠦᠭᠡᠢ ᠳᠠᠷᠤᠯᠲᠠ ᠪᠠ ᠳᠤᠯᠠᠭᠠᠨ ᠤ ᠬᠡᠮᠵᠢᠶᠡᠨ | ᠤ ᠳᠡᠭᠡᠭᠰᠢᠯᠡᠬᠦ ᠶᠢ ᠳᠠᠭᠠᠯᠳᠤᠨ᠂ ᠦᠶ᠎ᠡ ᠦᠶ᠎ᠡ ᠳᠤᠯᠠᠭᠠᠨ ᠤᠷᠤᠰᠬᠠᠯ ᠲᠦᠭ ᠲᠦᠮᠡᠨ ᠠᠶᠢᠯ ᠡᠷᠦᠬᠡ ᠳᠤ ᠤᠷᠤᠰᠤᠨ | ᠣᠷᠣᠨ᠎ᠠ᠃ ᠰᠤᠷᠪᠤᠯᠵᠢᠯᠠᠭᠴᠢ ᠹᠧᠩᠵᠧᠨ ᠬᠤᠳᠠ ᠶᠢᠨ ᠴᠢᠩ ᠴᠦᠨ ᠶᠤᠸᠠᠨ ᠰᠠᠭᠤᠭᠠᠯᠢ ᠲᠣᠭᠤᠷᠢᠭ ᠤᠨ 2 | ᠳ᠋ᠤᠭᠠᠷ ᠠᠰᠠᠷ ᠤᠨ ᠰᠠᠭᠤᠭᠠᠯᠢ ᠠᠷᠠᠳ ᠯᠢᠦ ᠭᠧᠨ ᠾᠧ ᠶᠢᠨ ᠭᠡᠷ ᠲᠤ ᠣᠷᠣᠩᠭᠤᠲᠠ ᠡᠳᠡᠭᠡᠳ ᠳᠤᠯᠠᠭᠠᠨ | ᠰᠠᠨᠠᠭᠳᠠᠪᠠ᠃ | ᠡᠪᠦᠯ ᠤᠨ ᠤᠯᠠᠷᠢᠯ ᠤᠨ ᠳᠤᠯᠠᠭᠠᠯᠠᠭ᠎ᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ | ᠪᠠᠶᠢᠵᠤ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠃ ︽ᠳᠤᠯᠠᠭᠠᠴᠠ︾ ᠭᠡᠬᠦ ᠦᠰᠦᠭ ᠢ ᠰᠠᠶᠢᠲᠤᠷ | ᠪᠢᠴᠢᠬᠦ ᠳᠤ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠢ ᠨᠢᠭᠲᠠᠷᠠᠭᠤᠯᠵᠤ᠂ ᠲᠦᠭ ᠲᠦᠮᠡᠨ ᠠᠶᠢᠯ | ᠡᠷᠦᠬᠡ ᠲᠠᠢ ᠬᠤᠯᠪᠣᠭᠳᠠᠨ᠎ᠠ᠃ ᠹᠧᠩᠵᠧᠨ ᠬᠤᠲᠠ ᠶᠢᠨ ᠬᠢᠨ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ ᠤ ᠬᠠᠯᠠᠭᠤᠨ ᠬᠦᠢᠲᠡᠨ ᠢ ᠢᠮᠠᠭᠲᠠ ᠰᠡᠳᠬᠢᠯ ᠳᠡᠭᠡᠨ ᠪᠤᠳᠤᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠵᠦ᠂ | ᠳᠤᠯᠠᠭᠠᠯᠠᠭ᠎ᠠ ᠶᠢᠨ ᠠᠵᠢᠯ ᠤᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠶᠠᠪᠤᠭᠳᠠᠬᠤ ᠶᠢ ᠪᠥᠬᠦ ᠬᠦᠴᠦᠨ ᠢᠶᠠᠷ | ᠢᠶᠠᠨ ᠲᠦᠯᠬᠢᠨ ᠠᠬᠢᠭᠤᠯᠵᠤ᠂ ᠳᠤᠯᠠᠭᠠᠯᠠᠭ᠎ᠠ ᠶᠢᠨ ᠴᠢᠨᠠᠷ ᠴᠢᠨᠰᠠᠭ᠎ᠠ ᠪᠣᠯᠣᠨ ᠦᠢᠯᠡᠴᠢᠯᠡᠭᠡᠨ ᠤ ᠬᠢᠷᠢ ᠲᠦᠪᠰᠢᠨ ᠢ | ᠦᠨᠡᠨᠬᠦ ᠳᠡᠭᠡᠭᠰᠢᠯᠡᠭᠦᠯᠦᠨ᠂ ᠠᠷᠠᠳ ᠣᠯᠠᠨ ᠤ ᠡᠪᠦᠯ ᠤᠨ ᠤᠯᠠᠷᠢᠯ ᠢ ᠳᠤᠯᠠᠭᠠᠨ ᠢᠶᠠᠷ ᠥᠩᠭᠡᠷᠡᠭᠦᠯᠬᠦ ᠶᠢ | ᠪᠠᠲᠤᠯᠠᠭᠰᠠᠭᠠᠷ ᠢᠷᠡᠪᠡ᠃ | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |