︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠨᠢ ᠤᠯᠠᠨ ᠲᠦᠮᠡᠨ ᠤ ᠭᠡᠷ ᠢ ᠨᠢ ᠲᠤᠯᠠᠭᠠᠯᠠᠵᠤ ᠰᠡᠳᠬᠢᠯ ᠰᠠᠨᠠᠭ᠎ᠠ ᠶᠢ ᠨᠢ ᠨᠡᠩ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/10/11
    ᠠᠭᠤᠷ ᠠᠮᠢᠰᠬᠤᠯ ᠬᠦᠢᠲᠡᠷᠡᠬᠦ ᠶᠢ ᠳᠠᠭᠠᠯᠳᠤᠨ᠂ ᠳᠤᠯᠠᠭᠠᠯᠠᠭ᠎ᠠ ᠶᠢᠨ ᠠᠰᠠᠭᠤᠳᠠᠯ ᠨᠢ ᠠᠷᠠᠳ ᠣᠯᠠᠨ ᠤ ᠰᠡᠳᠬᠢᠯ ᠳᠠᠬᠢ ᠲᠡᠷᠢᠭᠦᠨ ᠴᠢᠬᠤᠯᠠ ᠶᠠᠪᠤᠳᠠᠯ ᠪᠤᠯᠪᠠ᠃ ᠮᠠᠨ ᠤ ᠬᠤᠲᠠ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠠᠷᠢᠭᠤᠨ ᠴᠡᠪᠡᠷ ᠢᠶᠠᠷ ᠳᠤᠯᠠᠭᠠᠯᠠᠬᠤ᠂ ᠳᠤᠯᠠᠭᠠᠯᠠᠭ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠯᠠᠪᠳᠠᠭᠤᠨ ᠪᠠᠲᠤᠲᠠᠢ ᠠᠯᠬᠤᠵᠤ᠂ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ  ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
   ᠣᠶᠢᠷ᠎ᠠ ᠳᠤ᠂ ᠰᠤᠷᠪᠤᠯᠵᠢᠯᠠᠭᠴᠢ ᠨᠡᠶᠢᠭᠡᠮ ᠲᠣᠭᠤᠷᠢᠭ ᠢᠶᠠᠷ ᠰᠤᠷᠪᠤᠯᠵᠢᠯᠠᠬᠤ ᠳᠠᠭᠠᠨ ᠰᠠᠭᠤᠭᠠᠯᠢ ᠠᠷᠠᠳ ᠤᠨ ᠭᠡᠷ ᠲᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠬᠦᠭᠡᠷᠦᠮᠵᠢ ᠪᠠ ᠵᠣᠬᠢᠴᠠᠩᠭᠤᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠭᠰᠠᠷᠠᠵᠤ ᠳᠠᠭᠤᠰᠬᠠᠭᠠᠳ᠂ ᠣᠲᠣ ᠨᠢᠭᠡᠨᠲᠡ ᠬᠡᠪ ᠤᠨ ᠪᠠᠶᠢᠳᠠᠯ ᠢᠶᠠᠷ  ᠬᠡᠷᠡᠭᠯᠡᠬᠦ ᠪᠤᠯᠤᠬᠰᠠᠨ ᠢ ᠤᠯᠵᠤ ᠬᠠᠷᠠᠪᠠ᠃ ᠠᠯᠢ ᠤᠯᠠᠨ ᠳᠠᠪᠠᠭᠤᠯᠢᠭ ᠲᠠᠯ᠎ᠠ ᠨᠢ ᠰᠠᠭᠤᠭᠠᠯᠢ ᠠᠷᠠᠳ ᠤᠨ ᠪᠠᠶᠠᠷ ᠪᠠᠭ᠋ᠠᠳᠤᠯ ᠤᠨ ᠰᠡᠳᠬᠢᠯᠭᠡ ᠪᠠᠷ ᠪᠢᠯᠬᠠᠭᠰᠠᠨ ᠦᠭᠡ ᠶᠠᠷᠢᠶ᠎ᠠ ᠳᠤ ᠨᠢ ᠮᠡᠳᠡᠭᠳᠡᠨ᠎ᠡ᠃
   ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠬᠢᠨ ᠴᠡᠪᠡᠷ ᠡᠨᠧᠷᠭᠢ ᠶᠢ ᠥᠭᠡᠷᠡᠴᠢᠯᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠳᠤᠯᠠᠭᠠᠯᠭ᠎ᠠ ᠶᠢᠨ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠂ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠤᠯᠠᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠬᠡᠷᠡᠭᠵᠢᠭᠦᠯᠦᠭᠰᠡᠨ ᠨᠢ ᠰᠢᠨ᠎ᠡ ᠳᠤᠯᠠᠭᠠᠯᠭ᠎ᠠ ᠶᠢᠨ ᠠᠷᠭ᠎ᠠ ᠬᠡᠯᠪᠡᠷᠢ ᠶᠢ ᠠᠪᠴᠢᠷᠠᠭᠰᠠᠨ ᠢᠶᠠᠷ ᠪᠠᠷᠠᠬᠤ ᠦᠭᠡᠢ᠂ ᠨᠡᠩ ᠴᠤ ᠠᠮᠤᠷ ᠲᠦᠪᠰᠢᠨ᠂ ᠳᠥᠭᠦᠮ ᠳᠥᠲᠡ᠂ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠬᠡᠯᠪᠡᠷᠢ ᠶᠢ ᠠᠪᠴᠢᠷᠠᠵᠤ᠂ ᠤᠯᠠᠨ ᠲᠦᠮᠡᠨ ᠳᠤ ᠦᠨᠡᠨ ᠪᠣᠳᠠᠲᠠᠢ ᠠᠰᠢᠭ ᠲᠤᠰᠠ ᠶᠢ ᠦᠨᠡᠨᠬᠦ ᠬᠦᠷᠲᠡᠭᠡᠪᠡ᠃        ᠵᠣᠬᠢᠶᠠᠭᠴᠢ᠄ ᠴᠧᠨ ᠸᠧᠨ ᠵᠢᠶᠧ  ᠬᠤᠤ ᠴᠧᠨ ᠹᠧᠩ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3