ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠨᠢ ᠹᠧᠩᠵᠧᠨ ᠬᠤᠳᠠ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠵᠠ ᠲᠣᠬᠢᠶᠠᠯ ᠤᠯᠭᠤᠪᠠ
ᠨᠡᠶᠢᠲᠡᠯᠡᠭᠰᠡᠨ ᠴᠠᠭ᠄
2024/10/11
   ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠣᠶᠢᠷ᠎ᠠ ᠶᠢᠨ ᠵᠢᠯ ᠤᠳ ᠲᠤ᠂ ᠲᠣᠭᠠᠴᠢᠯᠠᠭᠰᠠᠨ ᠪᠣᠭᠤᠳᠠᠯ ᠴᠤ ᠲᠦᠷᠭᠡᠨ ᠢᠶᠠᠷ ᠬᠥᠭᠵᠢᠵᠦ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠬᠢᠭᠡᠳ ᠲᠣᠮᠣ ᠳ᠋ᠠᠶᠢᠲ᠋ᠠ ᠶᠢᠨ ᠨᠡᠶᠢᠯᠡᠯ ᠨᠢ ᠴᠦ ᠪᠣᠭᠤᠳᠠᠯ ᠪᠠᠭᠯᠠᠭ᠎ᠠ ᠶᠢᠨ ᠠᠵᠤ ᠦᠢᠯᠡᠰ ᠤᠨ ᠲᠠᠰ ᠳᠠᠪᠰᠢᠵᠤ ᠥᠭᠡᠷᠡᠴᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠤᠯᠠᠮᠵᠢᠯᠠᠯᠲᠤ ᠦᠢᠯᠡᠳᠬᠦᠨ ᠤ ᠪᠣᠭᠤᠳᠠᠯ ᠴᠤ ᠤᠯᠠᠮ ᠠᠴᠠ ᠤᠯᠠᠮ ᠲᠣᠭᠠᠴᠢᠯᠠᠭᠰᠠᠨ ᠪᠣᠭᠤᠳᠠᠯ ᠪᠠᠭᠯᠠᠭ᠎ᠠ ᠶᠢᠨ ᠬᠥᠭᠵᠢᠯᠲᠡ ᠳᠤ ᠰᠢᠯᠵᠢᠭᠰᠡᠨ ᠪᠠᠶᠢᠨ᠎ᠠ᠃    ᠹᠧᠩᠵᠧᠨ ᠬᠤᠲᠠ ᠶᠢᠨ ᠷᠦᠩ e ᠭᠸᠦ ᠬᠤᠳᠠᠯᠳᠤᠭᠠᠨ ᠤ ᠲᠠᠪᠴᠠᠩ ᠪᠠ ᠬᠤ᠋ ᠢ ᠪᠢᠩ᠂ ᠯᠢᠦᠢ ᠺᠠᠩ ᠶᠤᠸᠠᠨ᠂ ᠹᠧᠩᠴᠤᠸᠠᠨ ᠢᠳᠡᠭᠡᠨ ᠵᠡᠷᠭᠡ ᠣᠯᠠᠨ ᠠᠵᠤ ᠠᠬᠤᠶᠢᠯᠠᠯ ᠬᠠᠮᠲᠤᠷᠠᠨ ᠠᠵᠢᠯᠯᠠᠵᠤ᠂ ᠠᠵᠤ ᠠᠬᠤᠶᠢᠯᠠᠯ ᠳᠤ ᠲᠤᠭᠠᠴᠢᠯᠠᠭᠰᠠᠨ ᠪᠣᠭᠤᠳᠠᠯ ᠤᠨ ᠰᠢᠰᠲ᠋ᠧᠮ ᠢ ᠪᠠᠶᠢᠭᠤᠯᠤᠨ ᠥᠭᠴᠦ᠂ ᠬᠡᠷᠡᠭᠯᠡᠭᠴᠢᠳ ᠲᠤ ᠠᠵᠤ ᠠᠬᠤᠶᠢᠯᠠᠯ ᠤᠨ ᠮᠡᠳᠡᠭᠡ ᠵᠠᠩᠭᠢ ᠪᠠ ᠦᠢᠯᠡᠳᠬᠦᠨ ᠤ ᠮᠡᠳᠡᠭᠡ ᠵᠠᠩᠭᠢ ᠶᠢ ᠨᠠᠩ ᠳᠥᠭᠦᠮ ᠳᠥᠲᠡ ᠪᠠᠷ ᠤᠶᠢᠯᠠᠭᠠᠭᠤᠯᠵᠤ᠂  ᠬᠦᠮᠦᠨ ᠤ ᠬᠤᠯᠪᠣᠯᠳᠤᠯ᠂ ᠲᠦᠮᠡᠨ ᠪᠣᠳᠠᠰ ᠤᠨ ᠬᠤᠯᠪᠣᠯᠳᠤᠯ ᠢ ᠪᠡᠶᠡᠯᠡᠭᠦᠯᠪᠡ᠃    ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠲᠠᠰᠤᠷᠠᠯᠲᠠ ᠦᠭᠡᠢ ᠠᠭᠤᠰᠤᠯᠴᠠᠬᠤ ᠶᠢ ᠳᠠᠭᠠᠯᠳᠤᠨ᠂ ᠲᠣᠭᠠᠴᠢᠯᠠᠭᠰᠠᠨ ᠨᠢ ᠨᠢᠭᠡᠨᠲᠡ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ᠂ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ ᠰᠢᠨ᠎ᠡ ᠬᠡᠷᠡᠭᠴᠡᠭᠡ ᠳᠤ ᠵᠣᠬᠢᠴᠠᠬᠤ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠨᠢ ᠦᠢᠯᠡᠳᠬᠦᠨ ᠤ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠦᠢᠯᠡᠳᠬᠦᠨ ᠤ ᠲᠦᠷᠦᠯ ᠲᠡᠮᠳᠡᠭ ᠢ ᠪᠦᠲᠦᠭᠡᠬᠦ ᠶᠢ ᠠᠬᠢᠭᠤᠯᠬᠤ ᠪᠠᠷ ᠪᠠᠷᠠᠬᠤ ᠦᠭᠡᠢ ᠪᠠᠰᠠ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠵᠤ᠂ ᠰᠣᠶᠣᠯ ᠵᠤᠭᠠᠴᠠᠯ ᠤᠨ ᠠᠵᠤ ᠦᠢᠯᠡᠰ ᠢ ᠠᠭᠤᠰᠤᠯᠴᠠᠭᠤᠯᠵᠤ᠂ ᠰᠣᠶᠣᠯ ᠵᠤᠭᠠᠴᠠᠯ ᠤᠨ ᠤᠬᠠᠭᠤᠯᠭ᠎ᠠ ᠶᠢᠨ ᠦᠷ᠎ᠡ ᠪᠦᠲᠦᠮᠵᠢ ᠶᠢ ᠪᠦᠲᠦᠮᠵᠢᠲᠡᠢ ᠨᠡᠮᠡᠭᠳᠡᠬᠦᠯᠬᠦ ᠶᠢᠨ ᠬᠠᠮᠲᠤ᠂ ᠲᠣᠭᠠᠴᠢᠯᠠᠭᠰᠠᠨ ᠪᠣᠭᠤᠳᠠᠯ ᠨᠢ ᠲᠠᠷᠢᠶᠠᠯᠠᠩ ᠤᠨ ᠲᠤᠰᠠᠯᠠᠬᠤ ᠭᠠᠷᠤᠯᠲᠠ ᠶᠢᠨ ᠶᠠᠰᠤ ᠴᠢᠨᠠᠷ ᠤᠨ ᠪᠠᠶᠢᠷᠢ ᠲᠣᠭᠲᠠᠭᠠᠯᠲᠠ ᠪᠠ ᠳᠡᠭᠡᠭᠰᠢᠯᠡᠯᠲᠡ ᠳᠤ ᠬᠦᠴᠦᠨ ᠨᠡᠮᠡᠷᠢᠯᠡᠵᠦ᠂ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢ ᠥᠷᠭᠡᠳᠬᠡᠨ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠨᠥᠯᠥᠭᠡᠯᠡᠨ ᠳᠠᠶᠢᠴᠢᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ ᠪᠠᠶᠢᠨ᠎ᠠ᠃        ᠵᠣᠬᠢᠶᠠᠭᠴᠢ᠄ ᠴᠧᠨ ᠸᠧᠨ ᠵᠢᠶᠧ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3