︽ᠦᠨᠡᠨᠴᠢ ᠢᠳᠡᠭᠡᠮᠵᠢᠲᠦ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠢ ᠪᠤᠯᠤᠩ︾
ᠨᠡᠶᠢᠲᠡᠯᠡᠭᠰᠡᠨ ᠴᠠᠭ᠄
2024/10/11
         —— ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠦᠨᠡᠨᠴᠢ ᠢᠲᠡᠭᠡᠮᠵᠢ ᠶᠢᠨ ᠴᠠᠬᠢᠯᠭᠠᠨ ᠬᠦᠴᠦᠨ ᠤ ᠨᠠᠷᠠᠲᠤ ᠲᠡᠮᠳᠡᠭ ᠢ ᠪᠤᠢ ᠪᠤᠯᠭᠠᠨ᠎ᠠ    ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠦᠨᠡᠨᠴᠢ ᠢᠲᠡᠭᠡᠮᠵᠢᠲᠡᠢ ᠨᠡᠶᠢᠭᠡᠮ ᠢ ᠪᠠᠶᠢᠭᠤᠯᠬᠤ ᠶᠢᠨ ᠲᠥᠯᠥᠭᠡ᠂ ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ᠦᠨᠡᠨᠴᠢ ᠢᠲᠡᠭᠡᠮᠵᠢᠲᠡᠢ ᠬᠡᠷᠡᠭᠯᠡᠭᠴᠢᠳ ᠲᠤ ᠴᠠᠬᠢᠯᠭᠠᠨ ᠬᠠᠩᠭᠠᠬᠤ ᠦᠢᠯᠡᠴᠢᠯᠡᠭᠡᠨ ᠤ ᠤᠷᠮᠠᠰᠢᠭᠤᠯᠬᠤ ᠠᠷᠭ᠎ᠠ ᠬᠡᠮᠵᠢᠶ᠎ᠡ ᠭᠠᠷᠭᠠᠵᠤ᠂ ᠬᠡᠷᠡᠭᠯᠡᠭᠴᠢᠳ ᠤᠨ ᠦᠨᠡᠨᠴᠢ ᠢᠲᠡᠭᠡᠮᠵᠢᠲᠡᠢ ᠪᠠᠷ ᠴᠠᠬᠢᠯᠭᠠᠨ ᠬᠡᠷᠡᠭᠯᠡᠬᠦ ᠤᠬᠠᠮᠰᠠᠷ ᠢ ᠪᠣᠶ ᠪᠣᠯᠭᠠᠬᠤ ᠶᠢ ᠵᠣᠷᠢᠭᠵᠢᠭᠤᠯᠵᠤ᠂ ᠴᠠᠬᠢᠯᠭᠠᠨ ᠡᠷᠭᠢᠯᠡᠬᠦ ᠳᠤ ᠲᠥᠬᠦᠮ ᠦᠵᠡᠭᠦᠯᠬᠦ ᠬᠡᠮᠵᠢᠶ᠎ᠡ ᠪᠣᠯᠣᠨ ᠴᠠᠬᠢᠯᠭᠠᠨ ᠡᠷᠭᠢᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠦᠨᠡᠨᠴᠢ ᠢᠲᠡᠭᠡᠮᠵᠢᠲᠡᠢ ᠪᠠᠷ ᠴᠠᠬᠢᠯᠭᠠᠨ ᠬᠡᠷᠡᠭᠯᠡᠬᠦ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠠᠭᠤᠷ ᠠᠮᠢᠰᠬᠤᠯ ᠢ ᠪᠣᠶ ᠪᠤᠯᠭᠠᠪᠠ᠃
   ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ᠵᠠᠰᠠᠭ ᠤᠨ ᠶᠠᠪᠤᠳᠠᠯ ᠤᠨ ᠦᠨᠡᠨᠴᠢ  ᠢᠳᠡᠭᠡᠮᠵᠢᠲᠦ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠢᠲᠡᠭᠡᠮᠵᠢ ᠶᠢᠨ ᠠᠮᠠᠯᠠᠯᠲᠠ ᠶᠢᠨ ᠠᠵᠢᠯ ᠤᠨ ᠴᠤᠪᠤᠷᠠᠯ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠴᠠᠬᠢᠯᠭᠠᠨ ᠵᠣᠭᠰᠣᠭᠰᠠᠨ ᠮᠡᠳᠡᠭᠡ ᠵᠠᠩᠭᠢ ᠶᠢ ᠮᠡᠳᠡᠭᠳᠡᠬᠦ᠂ ᠲᠦᠷᠭᠡᠨ ᠵᠠᠰᠠᠵᠤ ᠳᠠᠪᠬᠤᠷ ᠴᠠᠬᠢᠯᠭᠠᠨ ᠭᠠᠷᠭᠠᠬᠤ᠂ ᠴᠠᠬᠢᠯᠭᠠᠨ ᠤ ᠦᠨ᠎ᠡ ᠶᠢᠨ ᠪᠠᠷᠢᠮᠵᠢᠶ᠎ᠠ ᠵᠢᠴᠢ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠨ ᠤᠷᠲᠤᠳᠬᠠᠬᠤ ᠵᠡᠷᠭᠡ ᠴᠠᠬᠢᠯᠭᠠᠨ ᠬᠠᠩᠭᠠᠬᠤ ᠦᠢᠯᠡᠴᠢᠯᠡᠭᠡᠨ ᠤ ᠠᠮᠠᠯᠠᠯᠲᠠ ᠶᠢ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠨᠡᠶᠢᠲᠡᠯᠡᠵᠦ᠂ ᠡᠯ᠎ᠡ ᠡᠲᠡᠭᠡᠳ ᠤᠨ ᠣᠯᠠᠨ ᠲᠦᠮᠡᠨ ᠤ ᠬᠢᠨᠠᠯᠲᠠ ᠲᠠᠯᠪᠢᠬᠤ ᠶᠢ ᠥᠷᠭᠡᠨ ᠢᠶᠠᠷ ᠬᠦᠯᠢᠶᠡᠨ᠎ᠡ︔ ᠴᠠᠬᠢᠯᠭᠠᠨ ᠬᠦᠴᠦᠨ ᠤ ᠠᠵᠢᠯ ᠲᠥᠷᠥᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠵᠦᠢᠯᠡᠰ ᠢ ᠴᠢᠩᠭ᠎ᠠ ᠨᠠᠶᠢᠳᠠᠪᠤᠷᠢᠵᠢᠭᠤᠯᠤᠨ᠂ ᠴᠠᠬᠢᠯᠭᠠᠨ ᠬᠡᠷᠡᠭᠯᠡᠬᠦ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠬᠡᠷᠡᠭᠯᠡᠭᠴᠢ ᠶᠢ ︽ᠨᠢᠭᠡ ᠤᠳᠠᠭ᠎ᠠ ᠳᠤ ᠴᠤ ᠭᠦᠶᠦᠯᠭᠡᠬᠦ ᠦᠭᠡᠢ︾ ᠪᠠᠶᠢᠯᠭᠠᠬᠤ ᠶᠢ ᠪᠡᠶᠡᠯᠡᠭᠦᠯᠵᠦ᠂ ᠴᠠᠬᠢᠯᠭᠠᠨ ᠡᠷᠭᠢᠯᠡᠬᠦ ᠴᠠᠭ ᠢ ᠳᠤᠮᠳᠠᠴᠢ ᠪᠠᠷ 3 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠳᠠᠯᠢ ᠬᠤᠭᠤᠴᠠᠭᠠᠨ ᠤ ᠬᠢ ᠠᠴᠠ 50% ᠪᠠᠷ ᠪᠠᠭᠤᠷᠠᠭᠤᠯᠤᠨ᠂ ᠬᠡᠷᠡᠭᠯᠡᠭᠴᠢ ᠶᠢᠨ ᠣᠶᠢᠯᠠᠭᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ︔ ᠸᠢᠴᠠᠲ ᠤᠨ ᠨᠡᠶᠢᠲᠡ ᠶᠢᠨ ᠳ᠋ᠤᠭᠠᠷ᠂ ᠡᠵᠡᠩᠨᠡᠯᠲᠡ ᠶᠢᠨ ᠶᠡᠭᠡ ᠲᠢᠩᠬᠢᠮ ᠤᠨ ᠦᠢᠯᠡᠴᠢᠯᠡᠭᠡᠨ ᠤ ᠴᠣᠩᠬᠤ ᠵᠡᠷᠭᠡ ᠤᠬᠠᠭᠤᠯᠭ᠎ᠠ ᠶᠢᠨ ᠠᠴᠢᠶᠠᠯᠠᠪᠤᠷᠢ ᠪᠠᠷ ᠳᠠᠮᠵᠢᠭᠤᠯᠤᠨ᠂ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠪᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠰᠠᠨᠠᠭᠠᠴᠢᠯᠠᠭ᠎ᠠ  ᠠᠴᠠ ᠪᠠᠨ ᠢᠯᠡ ᠨᠡᠶᠢᠲᠡᠯᠡᠵᠦ᠂ ᠴᠠᠭ ᠬᠤᠪᠢᠶᠠᠭᠰᠠᠨ ᠴᠠᠬᠢᠯᠭᠠᠨ ᠤ ᠦᠨ᠎ᠡ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠳᠤ ᠱᠠᠲᠤ ᠦᠶ᠎ᠡ ᠶᠢᠨ ᠴᠢᠨᠠᠷᠲᠠᠢ ᠴᠠᠬᠢᠯᠭᠠᠨ ᠬᠡᠷᠡᠭᠯᠡᠬᠦ ᠬᠠᠷᠠᠭᠠᠯᠵᠠᠯ ᠢ ᠬᠡᠷᠡᠭᠵᠢᠭᠦᠯᠪᠡ᠃
   ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠢᠨ ᠣᠯᠠᠨ ᠲᠦᠮᠡᠨ ᠳᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠴᠠᠬᠢᠯᠭᠠᠨ ᠬᠡᠷᠡᠭᠯᠡᠬᠦ᠂ ᠴᠠᠬᠢᠯᠭᠠᠨ ᠬᠦᠴᠦᠨ ᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢᠲᠡᠢ ᠪᠠᠷ ᠴᠠᠬᠢᠯᠭᠠᠨ ᠬᠡᠷᠡᠭᠯᠡᠬᠦ᠂ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠭᠦᠯᠬᠦ ᠪᠠᠷ ᠳᠠᠮᠵᠢᠭᠤᠯᠤᠨ᠂ ︽ᠢᠲᠡᠭᠡᠮᠵᠢ ᠶᠢ ᠮᠡᠳᠡᠬᠦ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠶᠢ ᠰᠠᠬᠢᠬᠤ︾ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ︔ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠪᠥᠬᠦ ᠠᠵᠢᠯᠲᠠᠨ ᠠᠵᠢᠯᠴᠢᠨ ᠤ ᠨᠡᠶᠢᠭᠡᠮ ᠨᠡᠶᠢᠲᠡ ᠶᠢᠨ ᠢᠲᠡᠭᠡᠮᠵᠢ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ ᠠᠵᠤ ᠠᠬᠤᠶᠢᠯᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠠᠵᠢᠯᠲᠠᠨ ᠠᠵᠢᠯᠴᠢᠨ ᠤ ︽ᠠᠷᠠᠳ ᠤᠨ ᠴᠠᠬᠢᠯᠭᠠᠨ ᠤ ᠦᠢᠯᠡᠰ ᠠᠷᠠᠳ ᠲᠦᠮᠡᠨ ᠳᠤ ᠦᠢᠯᠡᠴᠢᠯᠡᠬᠦ︾ ᠦᠢᠯᠡᠴᠢᠯᠡᠭᠡᠨ ᠤ ᠵᠣᠷᠢᠯᠲᠠ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃          ᠵᠣᠬᠢᠶᠠᠭᠴᠢ᠄ ᠵᠠᠩ ᠿᠢ ᠵᠢᠤᠸᠠᠨ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3