| ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2024 ᠣᠨ ᠤ 10 | ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠭᠰᠠᠨ ︽2025 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ | ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ | ᠮᠡᠲᠦ ᠵᠠᠷᠯᠠᠶ᠎ᠠ᠄ | ᠨᠢᠭᠡ᠂ ᠳᠠᠭᠠᠳᠬᠠᠯ ᠳᠤ ᠣᠷᠣᠯᠴᠠᠬᠤ ᠬᠡᠪᠴᠢᠶ᠎ᠡ | ᠵᠠᠷᠴᠢᠮ ᠳᠡᠭᠡᠷ᠎ᠡ ᠪᠠᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠦᠭᠡᠢ ᠲᠣᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠪᠦᠬᠦᠨ ᠴᠥᠮ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠷᠡᠭᠲᠡᠢ᠂ | ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠳᠤ ᠠᠵᠢᠯᠯᠠᠵᠤ ᠪᠠᠶᠢᠭ᠎ᠠ ᠬᠥᠮᠥᠰ᠂ ᠠᠮᠢᠳᠤᠯᠢᠭ ᠢᠶᠠᠷ ᠠᠵᠢᠯ ᠣᠯᠵᠤ ᠪᠠᠶᠢᠭ᠎ᠠ ᠬᠥᠮᠥᠰ ᠥᠪᠡᠷ ᠤᠨ | ᠪᠣᠳᠠᠲᠤ ᠪᠠᠶᠢᠳᠠᠯ ᠢᠶᠠᠨ ᠦᠨᠳᠦᠰᠦᠯᠡᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠤᠶᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠪᠣᠯᠣᠨ᠎ᠠ᠃ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠬᠦᠷᠲᠡᠬᠦ ᠡᠲᠡᠭᠡᠳ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠠᠭᠠᠨ | ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠬᠡᠷᠡᠭᠲᠡᠢ᠃ | ᠬᠤᠶᠠᠷ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠢᠴᠢ ᠨᠥᠬᠦᠪᠦᠷᠢ ᠥᠭᠬᠦ ᠪᠠᠷᠢᠮᠵᠢᠶ᠎ᠠ | ︵ᠨᠢᠭᠡ︶ 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠪᠢ ᠬᠥᠮᠥᠨ ᠤ ᠰᠦᠢᠳᠬᠡᠯ | ᠲᠤᠰᠢᠶᠠᠬᠤ ᠪᠠᠷᠢᠮᠵᠢᠶ᠎ᠠ | 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠥᠨ ᠪᠦᠷᠢ 400 ᠲᠥᠭᠦᠷᠢᠭ | ᠪᠣᠯᠣᠨ᠎ᠠ᠃ | ︵ᠬᠤᠶᠠᠷ︶ ᠬᠦᠴᠢᠷᠳᠡᠯᠲᠡᠢ ᠬᠥᠮᠥᠰ ᠤᠨ ᠰᠦᠢᠳᠬᠡᠯ ᠲᠤᠰᠢᠶᠠᠬᠤ ᠨᠥᠬᠦᠪᠦᠷᠢ ᠶᠢᠨ ᠪᠠᠷᠢᠮᠵᠢᠶ᠎ᠠ | 1. ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ ︵ᠬᠥᠳᠡᠭᠡ ᠲᠣᠰᠬᠤᠨ ᠤ ︽ᠲᠠᠪᠤᠨ ᠪᠠᠲᠤᠯᠠᠭᠠᠲᠤ | ᠡᠷᠦᠬᠡ︾᠂ ᠬᠤᠲᠠ ᠪᠠᠯᠭᠠᠰᠤ ᠶᠢᠨ ︽ᠭᠤᠷᠪᠠ ᠦᠭᠡᠢ ᠬᠥᠮᠥᠰ︾᠂ ᠥᠨᠥᠴᠢᠨ ᠵᠡᠮᠳᠡᠭ ᠬᠡᠦᠬᠡᠳ ᠵᠢᠴᠢ ᠪᠣᠳᠠᠲᠠᠢ | ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠵᠢᠭᠠᠵᠤ ᠪᠣᠶ︶ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ᠂ ᠬᠤᠪᠢ ᠬᠥᠮᠥᠨ ᠳᠠᠭᠠᠳᠬᠠᠯ ᠤᠨ ᠵᠠᠷᠤᠳᠠᠯ ᠲᠤᠰᠢᠶᠠᠬᠤ | ᠴᠢᠬᠤᠯᠠ ᠦᠭᠡᠢ ᠪᠣᠯ᠂ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠠᠴᠠ ᠪᠥᠬᠦ ᠲᠤᠭ᠎ᠠ ᠪᠠᠷ ᠲᠤᠰᠠᠯᠠᠨ᠎ᠠ᠃ | | 2. ᠨᠢᠭᠡᠨᠲᠡ ᠶᠠᠳᠠᠭᠤ ᠠᠴᠠ ᠠᠩᠭᠢᠵᠢᠷᠠᠭᠰᠠᠨ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠬᠥᠮᠥᠰ ︵ | ᠰᠤᠷᠭᠠᠭᠤᠯᠢ ᠳᠤ ᠪᠠᠶᠢᠭ᠎ᠠ ᠰᠣᠷᠣᠭᠴᠢ ᠪᠠᠭᠲᠠᠨ᠎ᠠ︶ ᠤᠨ ᠪᠥᠬᠦ ᠠᠵᠢᠯᠲᠠᠨ ᠳᠠᠭᠠᠳᠬᠠᠯ ᠳᠤ ᠣᠷᠣᠯᠴᠠᠨ᠎ᠠ᠃ ᠬᠤᠪᠢ | ᠬᠥᠮᠥᠨ ᠤ ᠰᠦᠢᠳᠬᠡᠯ ᠲᠤᠰᠢᠶᠠᠬᠤ ᠬᠡᠰᠡᠭ ᠲᠤ ᠣᠷᠣᠨ ᠨᠤᠲᠤᠭ ᠤᠨ ᠡᠳ᠋ ᠤᠨ ᠵᠠᠰᠠᠭ ᠠᠴᠠ ᠬᠥᠮᠥᠨ ᠪᠦᠷᠢ ᠳᠤ | 200 ᠲᠥᠭᠦᠷᠢᠭ ᠤᠨ ᠪᠠᠷᠢᠮᠵᠢᠶ᠎ᠠ ᠪᠠᠷ ᠲᠣᠭᠲᠠᠭᠰᠠᠨ ᠲᠣᠭᠠᠨ ᠤ ᠨᠥᠬᠦᠪᠦᠷᠢ ᠥᠭᠭᠦᠨ᠎ᠡ᠃ | 3. ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ ᠬᠥᠮᠥᠰ᠂ ᠮᠠᠯᠵᠢᠬᠤ ᠲᠠᠷᠢᠶᠠᠯᠠᠬᠤ | ᠣᠷᠣᠨ ᠤ ᠠᠮᠠᠷᠬᠠᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠬᠥᠮᠥᠨ ᠠᠮᠠ ᠶᠢᠨ ᠪᠥᠬᠦ | ᠠᠵᠢᠯᠲᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ | ᠣᠷᠣᠯᠴᠠᠵᠤ᠂ ᠬᠤᠪᠢ ᠬᠥᠮᠥᠨ ᠤ ᠰᠦᠢᠳᠬᠡᠯ ᠲᠤᠰᠢᠶᠠᠬᠤ ᠬᠡᠰᠡᠭ ᠢ ᠬᠥᠮᠥᠨ ᠪᠦᠷᠢ ᠳᠤ 180 ᠲᠥᠭᠦᠷᠢᠭ ᠤᠨ | ᠪᠠᠷᠢᠮᠵᠢᠶ᠎ᠠ ᠪᠠᠷ ᠡᠮᠴᠢᠯᠡᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠪᠠᠷ ᠲᠤᠰᠠᠯᠠᠨ᠎ᠠ᠃ | ᠳᠡᠭᠡᠷ᠎ᠡ ᠳᠤᠷᠠᠳᠤᠭᠰᠠᠨ ᠬᠥᠮᠥᠰ ᠲᠤ ᠴᠥᠮ ᠤᠷᠢᠳᠠᠪᠠᠷ ᠪᠥᠬᠦ ᠲᠤᠭ᠎ᠠ ᠪᠠᠷ ᠰᠦᠢᠳᠬᠡᠯ ᠲᠤᠰᠢᠶᠠᠵᠤ ᠳᠠᠷᠠᠭ᠎ᠠ ᠨᠢ | ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠬᠡᠷᠪᠡ ᠬᠡᠳᠦᠢ ᠬᠦᠨᠳᠦ ᠪᠡᠶ᠎ᠡ ᠶᠢᠨ ᠬᠢᠷᠢ | ᠬᠡᠮ ᠲᠠᠢ ᠪᠠᠶᠢᠪᠠᠯ᠂ ᠥᠨᠳᠥᠷ ᠪᠠᠶᠢᠬᠤ ᠵᠠᠷᠴᠢᠮ ᠶᠣᠰᠣᠭᠠᠷ ᠵᠣᠭᠤᠰ ᠢᠶᠠᠷ ᠲᠤᠰᠠᠯᠠᠨ᠎ᠠ᠃ | ︵ᠭᠤᠷᠪᠠ︶ ᠨᠢᠷᠠᠢ ᠬᠡᠦᠬᠡᠳ ᠤᠨ ᠳᠠᠭᠠᠳᠬᠠᠯ ᠳᠤ ᠣᠷᠣᠵᠤ ᠰᠦᠢᠳᠬᠡᠯ ᠲᠤᠰᠢᠶᠠᠬᠤ ᠪᠠ ᠬᠠᠷᠠᠭᠠᠯᠵᠠᠯ | ᠭᠥᠷᠳᠡᠬᠦ ᠬᠤᠭᠤᠴᠠᠭ᠎ᠠ | 1. ᠨᠢᠷᠠᠢ ᠬᠡᠦᠬᠡᠳ ᠲᠥᠷᠥᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠬᠢᠨᠠᠨ ᠬᠠᠮᠠᠭᠠᠯᠠᠭᠴᠢ ᠠᠴᠠ ᠡᠷᠦᠬᠡ | ᠠᠮᠠ ᠶᠢᠨ ᠲᠠᠩᠰᠠ ᠪᠠᠶᠢᠭ᠎ᠠ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠳᠤ ᠣᠴᠢᠬᠤ ᠪᠤᠶᠤ ︽ᠨᠢᠷᠠᠢ ᠬᠡᠦᠬᠡᠳ ᠤᠨ ᠲᠥᠷᠥᠭᠰᠡᠨ ᠨᠢᠭᠡ ᠶᠠᠪᠤᠳᠠᠯ︾ ᠤᠨ ᠲᠤᠰᠬᠠᠢ | ᠣᠷᠣᠨ ᠢᠶᠠᠷ ᠳᠠᠮᠵᠢᠭᠤᠯᠤᠨ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ ᠬᠢᠯᠭᠡᠨ᠎ᠡ᠂ ᠳᠠᠭᠠᠳᠬᠠᠯ ᠳᠤ | ᠣᠷᠣᠯᠴᠠᠭᠰᠠᠨ ᠳᠠᠩᠰᠠᠯᠠᠯᠲᠠ ᠬᠢᠯᠭᠡᠬᠦ ᠳᠤ ᠨᠢᠷᠠᠢ ᠬᠡᠦᠬᠡᠳ ᠤᠨ ᠥᠪᠡᠷ ᠤᠨ ᠬᠢᠨᠢ ᠦᠨᠡᠨ ᠣᠪᠣᠭ ᠨᠡᠷ᠎ᠡ ᠪᠠ | ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠡᠷᠡᠭᠯᠡᠨ᠎ᠡ᠃ | 2. ᠰᠠᠶ᠋ᠢ ᠲᠥᠷᠥᠭᠰᠡᠨ ᠬᠡᠦᠬᠡᠳ ᠤᠨ ᠲᠥᠷᠥᠭᠰᠡᠨ 90 ᠡᠳᠦᠷ ᠤᠨ ᠳᠣᠲᠣᠷ᠎ᠠ ᠳᠠᠭᠠᠳᠬᠠᠯ ᠳᠤ ᠣᠷᠣᠬᠤ | ᠳᠠᠩᠰᠠᠯᠠᠯᠲᠠ ᠬᠢᠯᠭᠡᠬᠦ ᠶᠢᠨ ᠬᠠᠮᠲᠤ ᠲᠥᠷᠥᠭᠰᠡᠨ ᠲᠤᠬᠠᠢ ᠶᠢᠨ ᠵᠢᠯ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠲᠥᠷᠥᠭᠰᠡᠨ | ᠡᠳᠦᠷ ᠠᠴᠠ ᠡᠬᠢᠯᠡᠨ ᠲᠤᠬᠠᠢ ᠶᠢᠨ ᠵᠢᠯ ᠤᠨ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ | ᠭᠠᠷᠤᠭᠰᠠᠨ ᠡᠮᠴᠢᠯᠡᠭᠡᠨ ᠤ ᠵᠠᠷᠤᠳᠠᠯ ᠢ ᠳᠠᠭᠠᠳᠬᠠᠯ ᠳᠤ ᠣᠷᠣᠯᠴᠠᠭᠰᠠᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ | ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠲᠣᠭᠲᠠᠭᠠᠯ ᠶᠣᠰᠣᠭᠠᠷ ᠲᠠᠩᠰᠠ ᠲᠠᠶᠢᠯᠤᠨ᠎ᠠ᠃ | ᠭᠤᠷᠪᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠤᠭᠤᠴᠠᠭ᠎ᠠ ᠵᠢᠴᠢ ᠣᠯᠭᠤᠮᠵᠢ ᠭᠥᠷᠳᠡᠬᠦ | ᠬᠤᠭᠤᠴᠠᠭ᠎ᠠ | ︵ᠨᠢᠭᠡ︶ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠴᠠᠭ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ | ᠤᠷᠢᠳᠴᠢᠯᠠᠨ ᠰᠦᠢᠳᠬᠡᠯ ᠲᠤᠰᠢᠶᠠᠬᠤ ᠳᠦᠷᠢᠮ ᠢ ᠬᠡᠷᠡᠭᠵᠢᠭᠦᠯᠦᠨ᠎ᠡ᠂ 2024 ᠣᠨ ᠤ 9 ᠰᠠᠷ᠎ᠠ ᠶᠢᠨ 1 ᠤ | ᠡᠳᠦᠷ ᠠᠴᠠ 2025 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ ᠲᠥᠪᠯᠡᠷᠡᠭᠦᠯᠦᠨ ᠰᠦᠢᠳᠬᠡᠯ ᠲᠤᠰᠢᠶᠠᠬᠤ | ᠬᠤᠭᠤᠴᠠᠭ᠎ᠠ ᠪᠣᠯᠣᠨ᠎ᠠ᠃ | ︵ᠬᠤᠶᠠᠷ︶ ᠣᠯᠭᠤᠮᠵᠢ ᠬᠦᠯᠢᠶᠡᠬᠦ ᠬᠤᠭᠤᠴᠠᠭ᠎ᠠ ᠶᠢᠨ ᠪᠠᠶᠢᠷᠢᠯᠠᠭᠤᠯᠤᠯᠲᠠ | ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠰᠦᠢᠳᠬᠡᠯ ᠲᠤᠰᠢᠶᠠᠪᠠᠯ ᠬᠠᠷᠠᠭᠠᠯᠵᠠᠯ ᠬᠦᠯᠢᠶᠡᠬᠦ | ᠬᠤᠭᠤᠴᠠᠭ᠎ᠠ ᠭᠠᠷᠭᠠᠬᠤ ᠦᠭᠡᠢ᠃ ᠨᠢᠷᠠᠢ ᠬᠡᠦᠬᠡᠳ ᠵᠡᠷᠭᠡ ᠣᠨᠴᠣᠭᠤᠢ ᠬᠠᠮᠲᠤᠯᠢᠭ ᠠᠴᠠ ᠭᠠᠳᠠᠨ᠎ᠠ᠂ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠲᠥᠪᠯᠡᠷᠡᠭᠦᠯᠦᠨ ᠣᠷᠣᠯᠴᠠᠭᠰᠠᠨ ᠬᠤᠭᠤᠴᠠᠭᠠᠨ ᠳᠤ ᠳᠠᠭᠠᠳᠬᠠᠯ ᠳᠤ | ᠣᠷᠣᠯᠴᠠᠭᠰᠠᠨ ᠦᠭᠡᠢ ᠪᠤᠶᠤ ᠵᠠᠯᠭᠠᠭ᠎ᠠ ᠪᠠᠷ ᠣᠷᠣᠯᠴᠠᠭᠰᠠᠨ ᠦᠭᠡᠢ ᠬᠥᠮᠥᠰ ᠲᠤ ᠳᠠᠭᠠᠳᠬᠠᠯ ᠳᠤ ᠣᠷᠣᠯᠴᠠᠭᠰᠠᠨ ᠤ | ᠳᠠᠷᠠᠭᠠᠬᠢ ᠲᠣᠭᠲᠠᠮᠠᠯ ᠣᠯᠭᠤᠮᠵᠢ ᠶᠢ 3 ᠰᠠᠷ᠎ᠠ ᠬᠦᠯᠢᠶᠡᠬᠦ ᠬᠤᠭᠤᠴᠠᠭ᠎ᠠ ᠲᠣᠬᠢᠷᠠᠭᠤᠯᠤᠨ᠎ᠠ᠃ ᠡᠭᠦᠨ ᠳᠤ᠂ | ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠦᠭᠡᠢ ᠪᠣᠯ ᠢᠯᠡᠭᠦᠦ 1 ᠵᠢᠯ ᠳᠠᠭᠠᠳᠬᠠᠯ ᠲᠠᠰᠤᠯᠳᠠᠭᠤᠯᠬᠤ ᠪᠦᠷᠢ᠂ | ᠲᠣᠭᠲᠠᠮᠠᠯ ᠣᠯᠭᠤᠮᠵᠢ ᠶᠢᠨ ᠬᠦᠯᠢᠶᠡᠬᠦ ᠬᠤᠭᠤᠴᠠᠭ᠎ᠠ ᠶᠢᠨ ᠰᠠᠭᠤᠷᠢᠨ ᠳᠡᠭᠡᠷ᠎ᠡ ᠬᠤᠪᠢᠷᠠᠯᠲᠠ ᠲᠠᠢ ᠣᠯᠭᠤᠮᠵᠢ ᠶᠢᠨ | ᠬᠦᠯᠢᠶᠡᠬᠦ ᠬᠤᠭᠤᠴᠠᠭ᠎ᠠ ᠶᠢ 1 ᠰᠠᠷ᠎ᠠ ᠨᠡᠮᠡᠵᠦ᠂ ᠳᠠᠭᠠᠳᠬᠠᠯ ᠳᠤ ᠣᠷᠣᠭᠰᠠᠳ ᠰᠦᠢᠳᠬᠡᠯ ᠲᠤᠰᠢᠶᠠᠵᠤ ᠵᠠᠰᠠᠨ | ᠰᠡᠷᠭᠦᠭᠡᠬᠦ ᠪᠠᠷ ᠳᠠᠮᠵᠢᠭᠤᠯᠤᠨ ᠬᠤᠪᠢᠷᠠᠯᠲᠠ ᠲᠠᠢ ᠣᠯᠭᠤᠮᠵᠢ ᠶᠢᠨ ᠬᠦᠯᠢᠶᠡᠬᠦ ᠬᠤᠭᠤᠴᠠᠭ᠎ᠠ ᠶᠢ ᠬᠤᠪᠢᠷᠠᠭᠤᠯᠵᠤ | ᠪᠣᠯᠣᠨ᠎ᠠ᠂ ᠢᠯᠡᠭᠦᠦ 1 ᠵᠢᠯ ᠲᠤᠰᠢᠶᠠᠬᠤ ᠪᠦᠷᠢ 1 ᠰᠠᠷ᠎ᠠ ᠶᠢᠨ ᠬᠤᠪᠢᠷᠠᠯᠲᠠ ᠲᠠᠢ ᠣᠯᠭᠤᠮᠵᠢ ᠶᠢᠨ ᠬᠦᠯᠢᠶᠡᠬᠦ | ᠬᠤᠭᠤᠴᠠᠭ᠎ᠠ ᠶᠢ ᠪᠠᠭᠠᠰᠬᠠᠵᠤ ᠪᠣᠯᠣᠨ᠎ᠠ᠂ ᠦᠷᠭᠦᠯᠵᠢᠯᠡᠨ 4 ᠵᠢᠯ ᠵᠢᠴᠢ 4 ᠵᠢᠯ ᠠᠴᠠ ᠳᠡᠭᠡᠭᠰᠢ ᠲᠡᠰᠦᠯᠦᠨ | ᠲᠤᠰᠢᠶᠠᠪᠠᠯ᠂ ᠵᠠᠰᠠᠨ ᠰᠡᠷᠭᠦᠭᠡᠭᠰᠡᠨ ᠤ ᠳᠠᠷᠠᠭᠠᠬᠢ ᠲᠣᠭᠲᠠᠮᠠᠯ ᠣᠯᠭᠤᠮᠵᠢ ᠶᠢᠨ ᠬᠦᠯᠢᠶᠡᠬᠦ ᠬᠤᠭᠤᠴᠠᠭ᠎ᠠ ᠪᠠ | ᠬᠤᠪᠢᠷᠠᠯᠲᠠ ᠲᠠᠢ ᠣᠯᠭᠤᠮᠵᠢ ᠶᠢᠨ ᠬᠦᠯᠢᠶᠡᠬᠦ ᠬᠤᠭᠤᠴᠠᠭ᠎ᠠ ᠶᠢᠨ ᠨᠡᠶᠢᠯᠡᠪᠦᠷᠢ ᠶᠢ ᠵᠠᠷᠴᠢᠮ ᠳᠡᠭᠡᠷ᠎ᠡ ᠪᠠᠨ 6 ᠰᠠᠷ᠎ᠠ | ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠬᠠᠷᠠᠭᠠᠯᠵᠠᠯ ᠬᠦᠯᠢᠶᠡᠬᠦ ᠬᠤᠭᠤᠴᠠᠭᠠᠨ ᠳᠤ ᠡᠮ ᠡᠮᠨᠡᠯᠭᠡ ᠶᠢᠨ | ᠳᠠᠭᠠᠳᠬᠠᠯ ᠤᠨ ᠲᠠᠩᠰᠠ ᠲᠠᠶᠢᠯᠬᠤ ᠶᠢ ᠡᠳ᠋ᠯᠡᠵᠦ ᠪᠣᠯᠬᠤ ᠦᠭᠡᠢ᠃ | ︵ᠭᠤᠷᠪᠠ︶ ᠣᠯᠭᠤᠮᠵᠢ ᠭᠥᠷᠳᠡᠬᠦ ᠴᠠᠭ ᠬᠤᠭᠤᠴᠠᠭ᠎ᠠ | 2025 ᠣᠨ ᠤ 1 ᠰᠠᠷ᠎ᠠ ᠶᠢᠨ 1 ᠤ ᠡᠳᠦᠷ ᠠᠴᠠ ᠡᠮᠦᠨ᠎ᠡ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠭᠤᠮᠵᠢ ᠭᠥᠷᠳᠡᠬᠦ ᠬᠤᠭᠤᠴᠠᠭ᠎ᠠ ᠨᠢ 2025 | ᠣᠨ ᠤ 1 ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ︔ 2025 ᠣᠨ ᠤ | 1 ᠰᠠᠷ᠎ᠠ ᠶᠢᠨ 1 ᠤ ᠡᠳᠦᠷ ᠠᠴᠠ 2025 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ ᠲᠥᠪᠯᠡᠷᠡᠭᠦᠯᠦᠨ | ᠰᠦᠢᠳᠬᠡᠯ ᠲᠤᠰᠢᠶᠠᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠷᠠᠭᠠᠯᠵᠠᠯ ᠭᠥᠷᠳᠡᠬᠦ ᠬᠤᠭᠤᠴᠠᠭ᠎ᠠ ᠨᠢ ᠰᠦᠢᠳᠬᠡᠯ | ᠲᠤᠰᠢᠶᠠᠭᠰᠠᠨ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠣᠯᠣᠨ᠎ᠠ︔ | ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠣᠯᠭᠤᠮᠵᠢ ᠬᠦᠯᠢᠶᠡᠬᠦ ᠬᠤᠭᠤᠴᠠᠭ᠎ᠠ ᠶᠢᠨ | ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃ | ᠤᠯᠠᠭᠠᠨᠴᠠᠪ ᠬᠤᠲᠠ ᠶᠢᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠤᠨ ᠬᠢᠨ 2024 ᠣᠨ ᠤ 12 | ᠰᠠᠷ᠎ᠠ ᠶᠢᠨ 31 ᠤ ᠡᠳᠦᠷ ᠠᠴᠠ ᠡᠮᠦᠨ᠎ᠡ ᠣᠷᠣᠯᠭ᠎ᠠ ᠪᠠᠭᠠᠲᠠᠢ ᠬᠥᠮᠥᠨ ᠠᠮᠠ ︵ᠬᠤᠲᠠ ᠬᠥᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠵᠢᠴᠢ ᠶᠠᠳᠠᠭᠤ ᠠᠴᠠ ᠠᠩᠭᠢᠵᠢᠷᠠᠭᠤᠯᠬᠤ ᠬᠢᠨᠠᠨ | ᠬᠡᠮᠵᠢᠯᠲᠡ ᠶᠢᠨ ᠬᠥᠮᠥᠨ ᠠᠮᠠ︶ ᠶᠢᠨ 2025 ᠣᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠠᠵᠢᠯ ᠢ ᠳᠠᠭᠤᠰᠬᠠᠵᠤ᠂ ᠣᠷᠣᠯᠭ᠎ᠠ ᠪᠠᠭᠠᠲᠠᠢ ᠬᠥᠮᠥᠨ ᠠᠮᠠ ᠶᠢᠨ ᠰᠦᠢᠳᠬᠡᠯ ᠲᠤᠰᠢᠶᠠᠭᠰᠠᠨ ᠤ ᠳᠠᠷᠠᠭ᠎ᠠ | ᠡᠮᠨᠡᠯᠭᠡ ᠳᠤ ᠣᠷᠣᠭᠰᠠᠨ ᠦᠨᠳᠦᠰᠦᠨ ᠡᠮᠴᠢᠯᠡᠭᠡᠨ ᠤ ᠵᠠᠷᠤᠳᠠᠯ ᠢ ᠲᠣᠭᠲᠠᠭᠠᠯ ᠶᠣᠰᠣᠭᠠᠷ ᠲᠠᠩᠰᠠ ᠳᠡᠶᠢᠯᠵᠦ | ᠪᠣᠯᠣᠨ᠎ᠠ᠂ ᠰᠦᠢᠳᠬᠡᠯ ᠲᠤᠰᠢᠶᠠᠬᠤ ᠡᠳᠦᠷ ᠠᠴᠠ ᠡᠮᠦᠨ᠎ᠡ ᠲᠣᠰ ᠵᠢᠯ ᠤᠨ ᠪᠣᠶ ᠪᠣᠯᠤᠭᠰᠠᠨ ᠡᠮᠴᠢᠯᠡᠭᠡᠨ ᠤ | ᠵᠠᠷᠤᠳᠠᠯ ᠢ ᠲᠠᠩᠰᠠ ᠳᠡᠶᠢᠯᠵᠦ ᠥᠭᠬᠦ ᠦᠭᠡᠢ᠃ | ᠳᠥᠷᠪᠡ᠂ ᠰᠦᠢᠳᠬᠡᠯ ᠲᠤᠰᠢᠶᠠᠬᠤ ᠠᠷᠭ᠎ᠠ ᠮᠠᠶ᠋ᠢᠭ | 2025 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠳᠤ ᠰᠦᠯᠵᠢᠶᠡᠨ | ᠳᠡᠭᠡᠷ᠎ᠡ᠂ ᠰᠦᠯᠵᠢᠶᠡᠨ ᠠᠴᠠ ᠭᠠᠳᠠᠭᠤᠷᠬᠢ ᠠᠷᠭ᠎ᠠ ᠮᠠᠶ᠋ᠢᠭ ᠢᠶᠠᠷ ᠰᠦᠢᠳᠬᠡᠯ ᠲᠤᠰᠢᠶᠠᠨ᠎ᠠ᠃ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠤᠨ ᠭᠠᠷ ᠤᠲᠠᠰᠤᠨ ᠤ ᠰᠦᠢᠳᠬᠡᠯ ᠲᠤᠰᠢᠶᠠᠬᠤ ᠵᠢᠵᠢᠭ ᠲᠠᠰ ᠳᠠᠷᠠᠭᠠᠯᠠᠯ ᠢ | ᠬᠡᠷᠡᠭᠯᠡᠨ᠂ ᠮᠦᠩᠬᠡ ᠰᠤᠪᠠᠭ᠂ ᠲᠣᠭᠠᠴᠠᠭ᠎ᠠ ᠬᠢᠬᠦ ᠡᠷᠳᠡᠨᠢ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠭᠠᠷ | ᠤᠲᠠᠰᠤᠨ ᠤ APP ᠪᠠᠷ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠵᠤ ᠪᠣᠯᠣᠨ᠎ᠠ᠂ ᠬᠡᠷᠪᠡ ᠲᠣᠰ ᠭᠠᠵᠠᠷ | ᠣᠷᠣᠨ ᠳᠤ ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠨ ᠳᠠᠩᠰᠠᠯᠠᠭᠤᠯᠤᠭᠰᠠᠨ ᠪᠤᠶᠤ ᠮᠡᠳᠡᠭᠡ ᠵᠠᠩᠭᠢ ᠨᠢ ᠪᠦᠷᠢᠨ | ᠪᠤᠰᠤ ᠪᠣᠯ ᠰᠦᠢᠳᠬᠡᠯ ᠲᠤᠰᠢᠶᠠᠬᠤ ᠶᠢᠨ ᠠᠷᠭ᠎ᠠ ᠦᠭᠡᠢ ᠪᠠᠶᠢᠪᠠᠯ᠂ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠪᠠᠶᠢᠭᠤᠯᠤᠮᠵᠢ ᠪᠠᠷ ᠳᠡᠮᠵᠢᠨ ᠮᠡᠳᠡᠭᠡ ᠵᠠᠩᠭᠢ ᠪᠠᠨ ᠬᠠᠮᠠᠭᠠᠯᠠᠭᠤᠯᠤᠭᠰᠠᠨ ᠤ ᠳᠠᠷᠠᠭ᠎ᠠ ᠳᠠᠬᠢᠨ | ᠭᠠᠶᠢᠯᠢ ᠶᠢᠨ ᠶᠠᠪᠤᠳᠠᠯ ᠤᠨ ᠰᠦᠢᠳᠬᠡᠯ ᠲᠤᠰᠢᠶᠠᠬᠤ ᠦᠵᠦᠭᠦᠷ ᠢᠶᠠᠷ ᠰᠦᠢᠳᠬᠡᠯ ᠲᠤᠰᠢᠶᠠᠵᠤ ᠪᠣᠯᠣᠨ᠎ᠠ︔ | ᠹᠧᠩᠵᠧᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠶᠠᠳᠤᠭᠠᠷ | ᠳᠠᠪᠬᠤᠷᠭ᠎ᠠ ᠶᠢᠨ ᠭᠠᠶᠢᠯᠢ ᠶᠢᠨ ᠶᠠᠪᠤᠳᠠᠯ ᠤᠨ ᠴᠣᠩᠬᠤᠨ ᠳᠤ ᠬᠦᠷᠴᠦ ᠰᠦᠯᠵᠢᠶᠡᠨ ᠭᠠᠳᠠᠨ᠎ᠠ ᠰᠦᠢᠳᠬᠡᠯ | ᠲᠤᠰᠢᠶᠠᠭᠰᠠᠨ ᠴᠤ ᠪᠣᠯᠣᠨ᠎ᠠ᠃ | ᠸᠢᠴᠠᠲ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ | ᠲᠤᠰᠢᠶᠠᠬᠤ ᠴᠤᠪᠤᠷᠠᠯ ︵ᠲᠠᠨᠢᠯᠴᠠᠭᠤᠯᠬᠤ︶᠄ | ᠸᠢᠴᠠᠲ ᠢ ᠨᠡᠭᠡᠭᠡᠬᠦ ᠳᠤ ︽ᠪᠢ ︱ ︱ ︱ ᠲᠣᠭᠠᠴᠠᠭ᠎ᠠ ︱ ᠬᠤᠲᠠ ᠶᠢᠨ ᠦᠢᠯᠡᠴᠢᠯᠡᠭᠡ ︱ ︱ | ᠨᠡᠶᠢᠭᠡᠮ ᠤᠨ ᠳᠠᠭᠠᠳᠬᠠᠯ ︱ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ | ᠦᠢᠯᠡᠴᠢᠯᠡᠭᠡ ︱ ︱ ᠪᠢ ᠵᠠᠷᠤᠳᠠᠯ ᠲᠤᠰᠢᠶᠠᠨ᠎ᠠ ︱ ︱ ᠭᠦᠢᠴᠡᠳᠬᠡᠬᠦ ᠡᠲᠡᠭᠡᠳ ᠤᠨ ᠪᠡᠶ᠎ᠡ ᠶᠢᠨ ᠦᠨᠡᠮᠯᠡᠯ ᠤᠨ | ᠨᠣᠮᠧᠷ᠂ ᠣᠪᠣᠭ ᠨᠡᠷ᠎ᠡ᠂ ᠤᠲᠠᠰᠤ ︱ ︱ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠣᠷᠣᠭᠤᠯᠤᠨ᠎ᠠ ︱ ︱ ᠲᠤᠰᠢᠶᠠᠬᠤ ᠶᠣᠰᠣᠲᠠᠢ ᠵᠢᠯ 2025 ︵ | ᠰᠢᠰᠲ᠋ᠧᠮ ᠳᠤᠭᠤᠢ ᠮᠡᠳᠡᠷᠡᠨ᠎ᠡ︶ ︱ ᠲᠤᠰᠢᠶᠠᠬᠤ ︱ ᠲᠤᠰᠢᠶᠠᠬᠤ ᠶᠣᠰᠣᠲᠠᠢ ᠰᠦᠢᠳᠬᠡᠯ 400 ᠲᠥᠭᠦᠷᠢᠭ ︱ | ᠲᠤᠰᠢᠶᠠᠨ᠎ᠠ ︱ ᠨᠤᠲᠠᠯᠠᠬᠤ ᠶᠢᠨ ᠬᠠᠮᠲᠤ ᠲᠣᠭᠠᠴᠠᠭ᠎ᠠ ︱ ᠳᠠᠷᠤᠶᠢᠬᠠᠨ ᠲᠣᠭᠠᠴᠠᠭ᠎ᠠ ︱ ᠲᠣᠭᠠᠴᠠᠭ᠎ᠠ ᠬᠢᠬᠦ | ᠠᠷᠭ᠎ᠠ ︱ ᠲᠣᠭᠠᠴᠠᠭ᠎ᠠ ᠬᠢᠬᠦ ᠨᠢᠭᠤᠴᠠ ᠨᠣᠮᠧᠷ ᠢᠶᠠᠨ ᠣᠷᠣᠭᠤᠯᠤᠨ᠎ᠠ ︱ ︱ ᠲᠣᠭᠠᠴᠠᠭ᠎ᠠ ᠬᠢᠬᠦ ᠡᠲᠡᠭᠡᠳ ᠤᠨ | ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ᠂ ᠤᠲᠠᠰᠤ ᠶᠢ ᠣᠷᠣᠭᠤᠯᠤᠨ᠎ᠠ᠃ | ᠸᠢᠴᠠᠲ ᠤᠨ ᠵᠠᠷᠤᠳᠠᠯ ᠲᠤᠰᠢᠶᠠᠬᠤ ᠬᠤᠶᠠᠷ ᠬᠡᠮᠵᠢᠯᠲᠦ ᠺᠣᠳ᠋ | ᠲᠠᠪᠤ᠂ ᠰᠦᠢᠳᠬᠡᠯ ᠢ ᠪᠤᠴᠠᠭᠠᠬᠤ ᠲᠣᠭᠲᠠᠭᠠᠯ | ᠰᠦᠢᠳᠬᠡᠯ ᠲᠤᠰᠢᠶᠠᠬᠤ ᠠᠵᠢᠯᠲᠠᠨ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ᠂ | ᠳᠠᠪᠬᠤᠷᠳᠠᠭᠤᠯᠤᠨ ᠰᠦᠢᠳᠬᠡᠯ ᠲᠤᠰᠢᠶᠠᠭᠰᠠᠨ ᠪᠤᠶᠤ ᠦᠬᠦᠭᠰᠡᠨ ᠪᠠᠶᠢᠪᠠᠯ ᠭᠠᠶᠢᠯᠢ ᠶᠢᠨ ᠶᠠᠪᠤᠳᠠᠯ ᠤᠨ ᠰᠠᠯᠠᠭ᠎ᠠ | ᠮᠥᠴᠢᠷ ᠤᠨ ᠲᠠᠰ ᠳᠠᠷᠠᠭᠠᠯᠠᠯ ᠢᠶᠠᠷ ᠰᠦᠢᠳᠬᠡᠯ ᠪᠤᠴᠠᠭᠠᠬᠤ ᠪᠠᠷ ᠭᠤᠶᠤᠴᠢᠯᠠᠵᠤ ᠪᠣᠯᠣᠨ᠎ᠠ᠂ 2025 ᠣᠨ ᠤ 1 | ᠰᠠᠷ᠎ᠠ ᠶᠢᠨ 1 ᠤ ᠡᠳᠦᠷ ᠤᠨ ᠬᠠᠷᠠᠭᠠᠯᠵᠠᠯ ᠭᠥᠷᠳᠡᠬᠦ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠳᠡᠭᠡᠷ᠎ᠡ ᠳᠤᠷᠠᠳᠤᠭᠰᠠᠨ | ᠦᠶᠯᠡ ᠠᠵᠢᠯᠯᠠᠭ᠎ᠠ ᠳᠤ ᠰᠦᠢᠳᠬᠡᠯ ᠪᠤᠴᠠᠭᠠᠬᠤ ᠦᠭᠡᠢ᠃ ᠪᠤᠰᠤᠳ ᠬᠤᠯᠪᠣᠭᠳᠠᠯ ᠪᠦᠬᠦᠢ ᠵᠠᠷᠤᠳᠠᠯ ᠪᠤᠴᠠᠭᠠᠭᠰᠠᠨ | ᠪᠠᠶᠢᠳᠠᠯ᠂ ᠰᠢᠯᠵᠢᠭᠦᠯᠦᠨ ᠵᠠᠯᠭᠠᠭᠤᠯᠬᠤ ᠵᠡᠷᠭᠡ ᠭᠠᠷᠲᠠᠨ ᠭᠦᠢᠴᠡᠳᠬᠡᠬᠦ ᠠᠵᠢᠯᠯᠠᠭ᠎ᠠ ᠶᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ | ᠭᠠᠷᠲᠠᠨ ᠭᠦᠢᠴᠡᠳᠬᠡᠬᠦ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠬᠠᠯᠠᠭᠤᠨ ᠳᠣᠲᠣᠨᠣ ᠰᠠᠨᠠᠭᠤᠯᠤᠮᠵᠢ᠄ ᠵᠢᠱᠢᠶᠡᠯᠡᠪᠡᠯ ᠰᠦᠢᠳᠬᠡᠯ ᠲᠤᠰᠢᠶᠠᠬᠤ ᠶᠠᠪᠤᠴᠠ ᠳᠤ ᠣᠪᠣᠭ ᠨᠡᠷ᠎ᠡ᠂ | ᠬᠦᠢᠰᠦ ᠶᠢᠨ ᠢᠯᠭᠠᠯ᠂ ᠪᠡᠶ᠎ᠡ ᠶᠢᠨ ᠦᠨᠡᠮᠯᠡᠯ ᠤᠨ ᠨᠣᠮᠧᠷ ᠨᠢ ᠪᠣᠳᠠᠲᠠᠢ ᠲᠠᠢ ᠨᠡᠶᠢᠴᠡᠬᠦ ᠦᠭᠡᠢ︔ ᠵᠠᠰᠠᠪᠤᠷᠢ | ᠣᠷᠣᠭᠤᠯᠵᠤ ᠬᠤᠪᠢᠷᠠᠭᠤᠯᠬᠤ ᠴᠢᠬᠤᠯᠠᠲᠠᠢ ᠪᠤᠶᠤ ᠡᠪᠡᠳᠴᠢᠨ ᠠᠴᠠ ᠪᠣᠯᠵᠤ ᠮᠤᠵᠢ ᠠᠯᠤᠰᠯᠠᠨ ᠣᠨᠳᠣᠣ ᠭᠠᠵᠠᠷ ᠲᠤ | ᠡᠮᠨᠡᠭᠦᠯᠬᠦ ᠪᠠᠷ ᠳᠠᠩᠰᠠᠯᠠᠭᠤᠯᠬᠤ ᠴᠢᠬᠤᠯᠠᠲᠠᠢ ᠪᠣᠯᠤᠭᠰᠠᠨ︔ ᠡᠰᠡᠬᠦᠯ᠎ᠡ ᠳᠠᠭᠠᠳᠬᠠᠯ ᠢ ᠨᠢ ᠵᠣᠭᠰᠣᠭᠠᠵᠤ | ᠰᠢᠢᠳᠪᠦᠷᠢᠯᠡᠬᠦ ᠴᠢᠬᠤᠯᠠᠲᠠᠢ ᠪᠠᠶᠢᠬᠤ︔ ︽ᠣᠶᠢᠷ᠎ᠠ ᠬᠠᠪᠢ ᠶᠢᠨ ᠲᠤᠬᠠᠢ ᠶᠢᠨ ᠭᠠᠵᠠᠷ ᠲᠤᠨᠢ ᠪᠠᠶᠢᠯᠭᠠᠬᠤ︾ | ᠵᠠᠷᠴᠢᠮ ᠤᠨ ᠶᠣᠰᠣᠭᠠᠷ᠂ ᠳᠣᠣᠷᠠᠬᠢ ᠳᠤᠷ᠎ᠠ ᠶᠢᠨ ᠨᠢᠭᠡ ᠲᠣᠣᠷ ᠴᠡᠭ ᠲᠤ ᠬᠦᠷᠲᠡᠯ᠎ᠡ ᠴᠥᠮ ᠭᠦᠢᠴᠡᠳᠬᠡᠵᠦ | ᠪᠣᠯᠣᠨ᠎ᠠ᠃ | | ᠹᠧᠩᠵᠧᠨ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠹᠧᠩᠵᠧᠨ ᠬᠤᠲᠠ ᠶᠢᠨ | ᠭᠠᠶᠢᠯᠢ ᠶᠢᠨ ᠲᠤᠪᠴᠢᠶ᠎ᠠ | 2024 ᠣᠨ ᠤ 10 ᠰᠠᠷ᠎ᠠ ᠶᠢᠨ 9 ᠤ ᠡᠳᠦᠷ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |