ᠯᠢ ᠶᠢᠩ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/12
10 ᠰᠠᠷ᠎ᠠ  ᠶᠢᠨ 11 ᠤ ᠡᠳᠦᠷ᠂ ᠪᠢᠯᠢᠭ ᠤᠨ ᠤᠯᠠᠷᠢᠯ ᠤᠨ ᠶᠢᠰᠦᠨ ᠰᠠᠷ᠎ᠠ ᠶᠢᠨ ᠰᠢᠨ᠎ᠡ ᠶᠢᠨ ᠶᠢᠰᠦᠨ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠪᠦᠦ ᡁᠢ ᠯᠢᠨ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃
   ᠯᠢ ᠶᠢᠩ ᠤᠷᠢᠳ ᠬᠤᠵᠢᠳ ᠬᠤᠳᠠ ᠶᠢᠨ ᠨᠠᠰᠤᠲᠠᠶᠢᠴᠤᠳ ᠤᠨ ᠦᠢᠯᠡᠴᠢᠯᠡᠭᠡᠨ ᠤ ᠲᠥᠪ᠂ ᠾᠧᠢ ᠲᠤ ᠲᠠᠢ ᠪᠠᠯᠭᠠᠰᠤᠨ ᠤ ᠤᠯᠠᠨ ᠲᠦᠮᠡᠨ ᠤ ᠭᠡᠷ ᠲᠤ ᠬᠦᠷᠴᠦ᠂ ᠨᠠᠰᠤᠲᠠᠶᠢᠴᠤᠳ ᠤᠨ ᠠᠮᠢᠳᠤᠷᠠᠯ ᠤᠨ ᠣᠶᠢᠷ᠎ᠠ ᠶᠢᠨ ᠪᠠᠶᠢᠳᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠪᠣᠳᠠᠰ ᠪᠣᠯᠣᠨ ᠲᠣᠬᠤᠨᠢᠭᠤᠯᠬᠤ ᠮᠥᠩᠭᠦ ᠬᠦᠷᠭᠡᠵᠦ᠂ ᠨᠠᠰᠤᠲᠠᠶᠢᠴᠤᠳ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃
   ᠯᠢ ᠶᠢᠩ ᠶᠠᠷᠢᠬᠤ ᠳᠠᠭᠠᠨ᠄ ᠰᠢ ᠶᠢᠨ ᠫᠢᠩ ᠶᠡᠷᠦᠩᠬᠡᠢ ᠱᠦᠵᠢ ᠶᠢᠨ ᠨᠠᠰᠤᠲᠠᠶᠢᠴᠤᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠮᠥᠩᠭᠦᠨ ᠨᠠᠰᠤᠨ ᠤ ᠠᠵᠢᠯᠯᠠᠭ᠎ᠠ︾ ᠶᠢᠨ ᠠᠬᠠᠮᠠᠳ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠳᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠰᠤᠲᠠᠶᠢᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠰᠤᠲᠠᠨ ᠢᠶᠠᠨ ᠡᠷᠬᠢᠮᠯᠡᠵᠦ ᠨᠠᠰᠤᠲᠠᠨ ᠢᠶᠠᠨ ᠬᠦᠨᠳᠦᠯᠡᠬᠦ ᠰᠠᠶᠢᠨ ᠭᠡᠷ ᠤᠨ ᠰᠤᠷᠲᠠᠯ ᠢ ᠰᠠᠶᠢᠲᠤᠷ ᠤᠯᠠᠮᠵᠢᠯᠠᠵᠤ᠂ ᠨᠠᠰᠤᠲᠠᠶᠢᠴᠤᠳ ᠤᠨ ᠢᠳᠡᠵᠦ ᠡᠮᠦᠰᠬᠦ ᠶᠠᠪᠤᠵᠤ ᠰᠠᠭᠤᠬᠤ ᠶᠢ ᠰᠠᠶᠢᠲᠤᠷ ᠬᠠᠷᠠᠭᠠᠯᠵᠠᠵᠤ᠂ ᠡᠶ᠎ᠡ ᠵᠣᠬᠢᠴᠠᠩᠭᠤᠢ ᠵᠣᠯ ᠵᠢᠷᠭᠠᠯᠲᠤ ᠭᠡᠷ ᠪᠦᠯᠢ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠨᠠᠰᠤᠲᠠᠶᠢᠴᠤᠳ ᠢ ᠥᠲᠡᠯᠪᠡᠯ ᠲᠦᠰᠢᠭ ᠲᠤᠯᠭᠠᠭᠤᠷᠢ ᠲᠠᠢ᠂ ᠥᠲᠡᠯᠪᠡᠯ ᠠᠰᠠᠷᠠᠮᠵᠢ ᠲᠠᠢ᠂ ᠪᠠᠶᠠᠷ ᠵᠢᠷᠭᠠᠯ ᠲᠠᠢ ᠪᠤᠯᠭᠠᠪᠠᠯ ᠵᠤᠬᠢᠨ᠎ᠠ ᠭᠡᠪᠡ᠃       ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3