ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 2024 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/12
    10 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 2024 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠳᠠ ᠶᠢᠨ ᠳᠠᠷᠤᠭ᠎ᠠ ᠯᠢ ᠱᠦ ᠸᠧᠢ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠵᠡᠷᠭᠡ  ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠡᠯ᠎ᠡ ᠪᠦᠷᠢᠯᠳᠦᠭᠦᠨ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠤᠪᠴᠢᠶᠠᠨ ᠳᠠᠷᠤᠭ᠎ᠠ ᠸᠠᠩ ᠸᠧᠢ ᠬᠤᠷᠠᠯ ᠢ ᠡᠷᠭᠢᠯᠡᠪᠡ᠃
   ᠬᠤᠷᠠᠯ ᠳᠡᠭᠡᠷ᠎ᠡ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠳᠡᠳ᠋ ᠫᠷᠤᠹᠧᠰᠰᠤᠷ ᠵᠠᠩ ᠰᠢᠶᠣᠣ ᠮᠠᠨ ᠢ ᠣᠨᠴᠠᠭᠠᠶᠢᠯᠠᠨ ᠤᠷᠢᠵᠤ ︽ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠬᠤ︾ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠄ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢ ᠰᠠᠶᠢᠲᠤᠷ ᠠᠳᠬᠤᠵᠤ᠂ ᠨᠡᠶᠢᠭᠡᠮ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢ ᠳᠠᠶᠢᠴᠢᠯᠠᠨ ᠪᠠᠲᠤᠯᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠣᠨᠣᠪᠴᠢᠲᠠᠢ ᠡᠵᠡᠮᠳᠡᠬᠦ ᠬᠡᠷᠡᠭᠲᠡᠢ︔ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠱᠠᠩᠨᠠᠵᠤ ᠲᠣᠷᠭᠠᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠨ ᠵᠢᠯᠤᠭᠤᠳᠴᠤ ᠦᠨᠡᠯᠡᠨ ᠵᠢᠱᠢᠵᠦ ᠦᠷ᠎ᠡ ᠪᠦᠲᠦᠮᠵᠢ ᠶᠢ ᠠᠰᠠᠭᠤᠬᠤ ᠶᠢ ᠴᠢᠬᠤᠯᠠᠴᠢᠯᠠᠨ᠂ ᠤᠬᠠᠭᠤᠯᠭ᠎ᠠ ᠬᠥᠮᠦᠵᠢᠯ ᠢ ᠴᠢᠬᠤᠯᠠᠴᠢᠯᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠢᠪᠲᠤᠯᠤᠯᠲᠠ ᠶᠢᠨ ᠨᠡᠶᠢᠯᠡᠮᠡᠯ ᠬᠦᠴᠦᠨ ᠢ ᠬᠦᠴᠦᠯᠡᠨ ᠪᠣᠶ ᠪᠣᠯᠭᠠᠬᠤ ᠬᠡᠷᠡᠭᠲᠡᠢ᠃          ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3