| —— ᠮᠠᠨ ᠤ ᠬᠤᠲᠠ ᠶᠢᠨ ᠬᠢᠨ 2024 ᠣᠨ ᠤ ︽ᠨᠠᠰᠤᠲᠠᠶᠢᠴᠤᠳ ᠢ ᠬᠦᠨᠳᠦᠯᠡᠬᠦ ᠰᠠᠷ᠎ᠠ︾ | ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ | | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ | ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ | ᠰᠤᠷᠲᠠᠯ ᠢ ᠪᠠᠳᠠᠷᠠᠭᠤᠯᠬᠤ ᠶᠢᠨ ᠲᠦᠯᠦᠭᠡ᠂ 10 ᠰᠠᠷ᠎ᠠ ᠶᠢᠨ 11 ᠤ ᠡᠳᠦᠷ᠂ ᠮᠠᠨ ᠤ ᠬᠤᠲᠠ ᠶᠢᠨ ᠬᠢᠨ 2024 | ᠣᠨ ᠤ ︽ᠨᠠᠰᠤᠳᠠᠶᠢᠴᠤᠳ ᠢ ᠬᠦᠨᠳᠦᠯᠡᠬᠦ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ | ᠯᠢ ᠱᠦ ᠸᠧᠢ ᠨᠠᠷ ᠠᠵᠢᠯᠯᠠᠭ᠎ᠠ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠪᠦᠦ ᡁᠢ | ᠯᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ | | ᠡᠬᠢᠯᠡᠯᠲᠡ ᠶᠢᠨ ᠶᠣᠰᠣᠯᠠᠯ ᠳᠡᠭᠡᠷ᠎ᠡ᠂ ᠯᠢ ᠱᠦ ᠸᠧᠢ ᠠᠵᠢᠯ ᠤᠨ ᠳᠠᠶᠢᠴᠢᠯᠠᠯᠲᠠ ᠬᠢᠵᠦ᠂ ᠪᠥᠬᠦ ᠬᠤᠲᠠ ᠶᠢᠨ ︽ | ᠨᠠᠰᠤᠲᠠᠶᠢᠴᠤᠳ ᠢ ᠬᠦᠨᠳᠦᠯᠡᠬᠦ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠬᠦ ᠳᠤ ᠱᠠᠭᠠᠷᠳᠠᠯᠭ᠎ᠠ ᠪᠠ ᠬᠦᠰᠡᠯ | ᠲᠤᠷᠠᠳᠬᠤ ᠶᠢᠨ ᠲᠠᠭᠠᠤ ᠪᠢᠳᠡ ᠦᠷᠭᠦᠯᠵᠢᠯᠡᠨ ᠥᠷᠭᠡᠨ ᠣᠯᠠᠨ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ | ᠡᠷᠬᠡ ᠠᠰᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠬᠦᠴᠦᠨ ᠢ ᠥᠷᠭᠡᠨ ᠢᠶᠠᠷ ᠵᠣᠬᠢᠶᠠᠨ | ᠪᠠᠶᠢᠭᠤᠯᠤᠨ ᠳᠠᠶᠢᠴᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡ᠂ ᠨᠠᠰᠤᠲᠠᠶᠢᠴᠤᠳ ᠤᠨ ᠬᠠᠷᠠᠭᠠᠯᠵᠠᠯ᠂ | ᠨᠠᠰᠤᠲᠠᠶᠢᠴᠤᠳ ᠤᠨ ᠡᠷᠡᠭᠦᠯ ᠮᠡᠨᠳᠦ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠨᠠᠰᠤᠲᠠᠶᠢᠴᠤᠳ ᠲᠤ ᠦᠷᠭᠦᠯᠵᠢᠯᠡᠨ ᠪᠣᠳᠠᠲᠠᠢ ᠶᠠᠪᠤᠳᠠᠯ᠂ ᠰᠠᠶᠢᠨ ᠶᠠᠪᠤᠳᠠᠯ᠂ ᠬᠦᠴᠢᠷ ᠶᠠᠪᠤᠳᠠᠯ ᠢ ᠰᠢᠢᠳᠪᠦᠷᠢᠯᠡᠵᠦ | ᠦᠭᠭᠦᠨ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠂ | ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠨᠠᠰᠤᠲᠠᠨ ᠢᠶᠠᠨ ᠡᠷᠬᠢᠮᠯᠡᠵᠦ ᠨᠠᠰᠤᠳᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠵᠤ | ᠨᠠᠰᠤᠲᠠᠨ ᠢᠶᠠᠨ ᠬᠠᠪᠰᠤᠷᠬᠤ ᠨᠡᠶᠢᠭᠡᠮ ᠤᠨ ᠠᠭᠤᠷ ᠠᠮᠢᠰᠬᠤᠯ ᠢ ᠨᠠᠩ ᠭᠦᠨ ᠵᠤᠵᠠᠭᠠᠨ ᠪᠤᠯᠭᠠᠬᠤ ᠶᠤᠰᠤᠳᠠᠢ ᠭᠡᠪᠡ᠃ | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠪᠡᠶ᠎ᠡ ᠰᠤᠪᠢᠯᠠᠬᠤ ᠮᠡᠳᠡᠯᠭᠡ᠂ ᠠᠮᠤᠷ ᠲᠦᠪᠰᠢᠨ ᠤ | ᠰᠡᠷᠭᠡᠶᠢᠯᠡᠯᠲᠡ ᠵᠡᠷᠭᠡ ᠲᠠᠯ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠤᠯᠠᠨ ᠳᠤ ᠬᠠᠯᠠᠭᠤᠮᠰᠤᠭ ᠢᠶᠠᠷ ᠲᠠᠷᠬᠠᠭᠠᠵᠤ᠂ | ᠨᠠᠰᠤᠲᠠᠶᠢᠴᠤᠳ ᠲᠤ ᠪᠣᠳᠠᠲᠤ ᠬᠡᠷᠡᠭᠯᠡᠭᠡᠨ ᠤ ᠠᠮᠢᠳᠤᠷᠠᠯ ᠤᠨ ᠵᠦᠭᠯᠡᠭᠦᠷ ᠢ ᠬᠠᠩᠭᠠᠪᠠ᠃ ᠠᠯᠪᠠᠨ ᠵᠢᠷᠤᠮ ᠤᠨ | ᠡᠮᠴᠢᠯᠡᠭᠡᠨ ᠤ ᠣᠷᠣᠨ ᠨᠢ ᠨᠡᠩ ᠴᠤ ᠬᠥᠮᠥᠰ ᠤᠨ ᠬᠦᠷᠢᠶᠡᠯᠡᠯ ᠢ ᠣᠯᠵᠤ᠂ ᠡᠮᠴᠢ ᠰᠤᠪᠢᠯᠠᠭᠴᠢᠳ | ᠬᠦᠯᠢᠴᠡᠩᠭᠦᠢ ᠪᠠᠷ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠶᠢᠨ | ᠬᠠᠮᠲᠤ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠪᠠᠶᠢᠳᠠᠯ ᠳᠤ ᠴᠢᠭᠯᠡᠭᠦᠯᠦᠨ ᠲᠤᠰᠬᠠᠢ ᠮᠡᠷᠭᠡᠵᠢᠯ ᠤᠨ | ᠡᠮᠴᠢᠯᠡᠭᠡᠨ ᠤ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠦᠭᠴᠦ᠂ ᠲᠤᠬᠠᠢ ᠶᠢᠨ ᠲᠠᠯᠠᠪᠤᠷ ᠲᠤ ᠪᠠᠰᠠ | ᠠᠯᠢ ᠣᠯᠠᠨ ᠰᠣᠨᠢᠷᠬᠠᠯᠲᠠᠢ ᠬᠤᠷᠰᠢᠯᠴᠠᠬᠤ ᠲᠣᠭᠯᠠᠭᠠᠮ ᠤᠨ ᠬᠥᠳᠡᠯᠭᠡᠭᠡᠨ ᠲᠣᠬᠢᠷᠠᠭᠤᠯᠵᠤ᠂ ᠨᠠᠰᠤᠲᠠᠶᠢᠴᠤᠳ | ᠢᠳᠡᠪᠬᠢᠲᠡᠢ ᠣᠷᠣᠯᠴᠠᠨ᠂ ᠪᠠᠶᠠᠷ ᠪᠠᠶᠠᠰᠬᠤᠯᠠᠩ ᠤᠨ ᠲᠠᠭᠤᠨ ᠲᠠᠰᠤᠷᠠᠯ ᠦᠭᠡᠢ ᠴᠤᠤᠷᠢᠶᠠᠳᠤᠵᠤ ᠪᠠᠶᠢᠯ᠎ᠠ᠃ | ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠤᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠨᠢ ᠨᠠᠩ | ᠴᠤ ᠠᠵᠢᠯᠯᠠᠭ᠎ᠠ ᠶᠢᠨ ᠠᠭᠤᠷ ᠠᠮᠢᠰᠬᠤᠯ ᠢ ᠣᠷᠭᠢᠯ ᠳᠤᠨᠢ ᠬᠦᠷᠭᠡᠪᠡ᠃ | | | ᠵᠣᠬᠢᠶᠠᠭᠴᠢ᠄ ᠵᠠᠩ ᠿᠢ ᠵᠢᠤᠸᠠᠨ ᠸᠠᠩ ᠨᠢᠩ ᠪᠥᠸᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |