ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨ ᠬᠤᠲᠠ ᠶᠢᠨ ᠳᠦᠷᠰᠦ ᠪᠠᠶᠢᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2024/11/13
   11 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠷᠭᠡᠨ ᠣᠯᠠᠨ ᠲᠦᠮᠡᠨ ᠳᠤ ᠴᠡᠪᠡᠷ ᠲᠡᠭᠰᠢ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨ ᠬᠤᠲᠠ ᠶᠢᠨ ᠳᠦᠷᠰᠦ ᠪᠠᠶᠢᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠣᠯᠠᠨ ᠲᠦᠮᠡᠨ ᠤ ᠠᠩᠬᠠᠷᠴᠤ ᠪᠠᠶᠢᠭ᠎ᠠ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠲᠤ ᠲᠥᠬᠦᠮ ᠦᠵᠡᠭᠦᠯᠬᠦ ᠥᠷᠯᠥᠭᠡ ᠶᠢᠨ ᠵᠠᠬ᠎ᠠ ᠳᠡᠯᠭᠡᠭᠦᠷ᠂ ᠵᠢᠵᠢᠭ ᠲᠣᠭᠤᠷᠢᠭ ᠤᠨ ᠡᠭᠦᠳᠡᠨ ᠡᠮᠦᠨ᠎ᠡ ᠵᠡᠷᠭᠡ ᠭᠤᠣᠯ ᠵᠠᠮ ᠤᠨ ᠲᠣᠭᠲᠠᠭᠠᠯ  ᠠᠴᠠ ᠵᠥᠷᠢᠴᠡᠨ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠲᠠᠯᠪᠢᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠦᠵᠡᠭᠳᠡᠯ ᠢ ᠲᠥᠪᠯᠡᠷᠡᠭᠦᠯᠦᠨ ᠵᠠᠰᠠᠪᠠ᠃ ᠴᠡᠭᠴᠡᠯᠡᠨ ᠵᠠᠰᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠵᠠᠮ ᠡᠵᠡᠯᠡᠨ ᠡᠵᠡᠩᠨᠡᠵᠦ ᠪᠠᠶᠢᠭ᠎ᠠ ᠬᠤᠳᠠᠯᠳᠤᠭᠠᠴᠢᠨ ᠡᠷᠦᠬᠡ᠂ ᠳᠡᠯᠭᠡᠭᠦᠷ ᠫᠦᠰᠡ ᠶᠢᠨ ᠥᠮᠴᠢᠲᠡᠨ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠲᠠ ᠶᠢᠨ ᠬᠠᠮᠢᠶᠠᠷᠤᠯᠲᠠ ᠶᠢᠨ ᠲᠣᠭᠲᠠᠭᠠᠯ ᠢ ᠬᠦᠯᠢᠴᠡᠩᠭᠦᠢ ᠨᠢᠮᠪᠠᠢ ᠲᠠᠶᠢᠯᠪᠤᠷᠢᠯᠠᠨ ᠥᠭᠴᠦ᠂ ᠣᠯᠠᠨ ᠢ ᠬᠥᠲᠥᠯᠥᠨ ᠵᠢᠯᠤᠭᠤᠳᠴᠤ ᠪᠠᠶᠢᠭᠠᠳ ᠤᠬᠠᠮᠰᠠᠷ ᠠᠴᠠ ᠪᠠᠨ ᠡᠮᠬᠢ ᠵᠢᠷᠤᠮ ᠢ ᠰᠠᠬᠢᠵᠤ᠂ ᠵᠢᠷᠤᠮᠵᠢᠭᠤᠨ ᠡᠵᠡᠩᠨᠡᠯᠲᠡ ᠬᠢᠯᠭᠡᠪᠡ᠃
   ᠶᠡᠷᠦ ᠠᠴᠠ᠂ ᠬᠤᠲᠠ ᠶᠢᠨ ᠲᠣᠭᠲᠠᠭᠠᠯ ᠠᠴᠠ ᠵᠥᠷᠢᠴᠡᠨ ᠵᠠᠮ ᠡᠵᠡᠯᠡᠨ ᠡᠵᠡᠩᠨᠡᠬᠦ ᠪᠣᠯ ᠬᠤᠲᠠ ᠶᠢᠨ ᠬᠠᠮᠢᠶᠠᠷᠤᠯᠲᠠ ᠶᠢᠨ ᠠᠷᠬᠠᠭ ᠬᠡᠮ ᠪᠠᠶᠢᠵᠤ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨ ᠣᠷᠳᠣ ᠬᠤᠭᠤᠴᠠᠭ᠎ᠠ ᠪᠠᠷ ᠴᠢᠷᠮᠠᠶᠢᠨ ᠠᠵᠢᠯᠯᠠᠬᠤ ᠠᠵᠢᠯ ᠤᠨ ᠣᠶᠢᠯᠠᠭᠠᠭᠳᠠᠬᠤᠨ ᠢᠶᠠᠷ ᠳᠠᠮᠵᠢᠭᠤᠯᠤᠨ᠂ ᠪᠣᠬᠢᠷᠲᠤᠯ ᠢ ᠵᠠᠰᠠᠬᠤ᠂ ᠰᠠᠮᠠᠭᠤᠷᠠᠯ ᠢ ᠵᠠᠰᠠᠬᠤ᠂ ᠠᠨᠠᠢ ᠲᠠᠯ᠎ᠠ ᠶᠢ ᠵᠠᠰᠠᠬᠤ ᠨᠠᠷᠢᠨ ᠵᠦᠢᠯᠡᠰ ᠠᠴᠠ ᠭᠠᠷᠳᠠᠵᠤ᠂ ᠠᠯᠬᠤᠮ ᠠᠯᠬᠤᠮ ᠢᠶᠠᠷ ᠨᠠᠷᠢᠯᠢᠭ᠂ ᠰᠢᠯᠢᠳᠡᠭ᠂ ᠭᠤᠸ᠎ᠠ ᠰᠠᠶᠢᠬᠠᠨ ᠢ ᠵᠠᠰᠠᠬᠤ ᠳᠠᠰᠢ ᠲᠠᠰ ᠳᠡᠪᠰᠢᠭᠦᠯᠵᠦ᠂ ᠴᠡᠪᠡᠷ ᠲᠡᠭᠰᠢ᠂ ᠡᠮᠬᠢ ᠵᠢᠷᠤᠮ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠭᠠᠷ ᠢᠷᠡᠪᠡ᠃       ᠵᠣᠬᠢᠶᠠᠭᠴᠢ᠄ ᠬᠤᠤ ᠴᠧᠨ ᠹᠧᠩ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3