| 11 ᠰᠠᠷ᠎ᠠ ᠶᠢᠨ 11 ᠤ ᠡᠳᠦᠷ᠂ ᠮᠠᠨ ᠤ ᠬᠤᠲᠠ ᠶᠢᠨ ᠬᠢᠨ ᠨᠢᠭᠡᠳᠦᠮᠡᠯ ᠹᠷᠣᠨᠲ ᠤᠨ ᠺᠠᠳ᠋ᠷᠴᠤᠳ ᠤᠨ | ᠨᠢᠭᠡᠳᠦᠮᠡᠯ ᠹᠷᠣᠨᠲ ᠤᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠨᠢᠭᠡᠳᠦᠮᠡᠯ ᠹᠷᠣᠨᠲ ᠤᠨ ᠮᠡᠳᠡᠭᠡ | ᠵᠠᠩᠭᠢ ᠶᠢᠨ ᠠᠵᠢᠯ ᠤᠨ ᠪᠤᠯᠪᠠᠰᠤᠷᠠᠭᠤᠯᠤᠯ ᠤᠨ ᠠᠩᠭᠢ ᠡᠷᠭᠢᠯᠡᠪᠡ᠃ | | ᠠᠩᠭᠢ ᠡᠬᠢᠯᠡᠬᠦ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠰᠢᠶᠣᠣ ᠯᠢ ᠠᠵᠢᠯ ᠤᠨ ᠳᠠᠶᠢᠴᠢᠯᠠᠯᠲᠠ ᠬᠢᠵᠦ᠂ | ᠪᠣᠯᠪᠠᠰᠤᠷᠠᠭᠤᠯᠬᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ | | ᠲᠣᠰ ᠤᠳᠠᠭᠠᠨ ᠤ ᠪᠤᠯᠪᠠᠰᠤᠷᠠᠭᠤᠯᠤᠯ ᠤᠨ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ | ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠪᠠ ᠤᠯᠠᠭᠠᠨᠴᠠᠪ | ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠮᠡᠳᠡᠭᠡ ᠵᠠᠩᠭᠢ ᠶᠢᠨ ᠠᠵᠢᠯ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠢ ᠲᠤᠰᠬᠠᠶᠢᠯᠠᠨ ᠤᠷᠢᠵᠤ ᠬᠢᠴᠢᠶᠡᠯ ᠵᠢᠭᠠᠯᠭᠠᠨ᠂ ᠬᠢᠴᠢᠶᠡᠯ ᠤᠨ ᠠᠭᠤᠯᠭ᠎ᠠ ᠳᠤ ᠪᠠᠰᠠ | ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠶᠢ ᠲᠣᠬᠢᠷᠠᠭᠤᠯᠪᠠ︔ ᠪᠤᠯᠪᠠᠰᠤᠷᠠᠭᠤᠯᠤᠯ ᠤᠨ ᠬᠤᠭᠤᠴᠠᠭᠠᠨ ᠳᠤ᠂ | ᠬᠤᠷᠠᠯ ᠳᠤ ᠣᠷᠣᠯᠴᠠᠭᠰᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠤᠪᠢᠰᠬᠠᠯ ᠤᠨ ᠬᠥᠮᠦᠵᠢᠯ ᠤᠨ ᠰᠠᠭᠤᠷᠢᠨ ᠢ ᠪᠠᠲᠤ ᠴᠣᠭᠴᠠᠯᠠᠨ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠴᠡᠴᠡᠷᠯᠢᠭ ᠢ ᠪᠠᠲᠤ ᠴᠣᠭᠴᠠᠯᠠᠨ ᠪᠠᠶᠢᠭᠤᠯᠬᠤ ᠵᠡᠷᠭᠡ | ᠭᠠᠵᠠᠷ ᠢᠶᠠᠷ ᠬᠦᠷᠴᠦ ᠲᠣᠭᠤᠷᠢᠨ ᠦᠵᠡᠵᠦ ᠰᠤᠷᠤᠯᠴᠠᠪᠠ᠃ | | | ᠵᠣᠬᠢᠶᠠᠭᠴᠢ᠄ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |