ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠮᠠᠨ ᠤ ᠬᠤᠲᠠ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/11/13
   11 ᠰᠠᠷ᠎ᠠ ᠶᠢᠨ 11 ᠤ ᠡᠳᠦᠷ᠂ ᠤᠯᠠᠭᠠᠨᠴᠠᠪ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᠬᠠᠢ ᠵᠢᠶᠦ᠋ᠨ ᠨᠠᠷ ᠮᠠᠨ ᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠭᠦᠨᠵᠡᠭᠡᠶᠢᠷᠡᠨ᠂ 2024 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠮᠠᠨ ᠤ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠯᠠᠢ ᠱᠤᠸᠠᠨ ᠵᠢᠴᠢ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠢᠦᠢ ᠪᠦᠦ ᠵᠤᠸᠠᠩ ᠲᠣᠰᠬᠤᠨ᠂ ᠵᠢᠩ ᠮᠧᠩ ᠪᠠᠭ᠎ᠠ ᠰᠤᠷᠭᠠᠭᠤᠯᠢ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠳᠠᠭᠠᠯᠠᠮᠵᠢ ᠶᠢᠨ ᠬᠥᠮᠥᠷᠭᠡ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠣᠯᠪᠠᠰᠤᠷᠠᠭᠤᠯᠤᠯ ᠤᠨ ᠲᠥᠪ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮᠢᠶ᠎ᠠ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃
   ᠰᠠᠭᠤᠳᠠᠯ ᠤᠨ ᠬᠤᠷᠠᠯ ᠳᠡᠭᠡᠷ᠎ᠡ᠂ ᠮᠠᠨ ᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠬᠥᠮᠦᠯᠢᠭ ᠰᠣᠶᠣᠯ ᠤᠨ ᠤᠬᠠᠭᠤᠯᠭ᠎ᠠ᠂ ᠪᠡᠯᠡ ᠮᠥᠩᠭᠦ ᠪᠠ ᠬᠠᠨᠳᠢᠪ ᠴᠤᠭᠯᠠᠭᠤᠯᠬᠤ ᠠᠵᠢᠯ᠂ ︽ᠭᠤᠷᠪᠠ ᠶᠢ ᠠᠪᠤᠷᠠᠵᠤ ᠭᠤᠷᠪᠠ ᠶᠢ ᠬᠠᠨᠳᠢᠪᠯᠡᠬᠤ︾ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠵᠡᠷᠭᠡ ᠲᠠᠯ᠎ᠠ ᠶᠢᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠠᠵᠢᠯ ᠤᠨ ᠲᠥᠯᠥᠪᠯᠡᠭᠡ ᠶᠢᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠪᠡ︔ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠯ᠎ᠡ ᠵᠦᠢᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠤᠨ ᠲᠠᠯ᠎ᠠ ᠪᠠᠷ ᠵᠢᠯᠤᠭᠤᠳᠬᠤ ᠰᠠᠨᠠᠭᠤᠯᠭ᠎ᠠ ᠳᠤᠷᠠᠳᠪᠠ᠃        ᠵᠣᠬᠢᠶᠠᠭᠴᠢ᠄ ᠵᠠᠩ ᠿᠢ ᠵᠢᠤᠸᠠᠨ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ  
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3