ᠯᠢ ᠶᠢᠩ ᠠᠶᠤᠯᠭᠦᠢ ᠦᠢᠯᠡᠳᠪᠦᠷᠢᠯᠡᠯ ᠪᠤᠯᠤᠨ ᠲᠡᠭᠡᠳᠤ ᠬᠤᠷᠳᠤᠴᠠᠳᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/11/13
   11 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠠᠶᠤᠯᠭᠦᠢ ᠦᠢᠯᠡᠳᠪᠦᠷᠢᠯᠡᠯ ᠪᠤᠯᠤᠨ‌‍ᠲ᠋ᠡᠭᠡᠳᠦ ᠬᠤᠷᠳᠤᠴᠠᠲᠤ ᠲᠡᠮᠦᠷ ᠵᠠᠮ ᠳᠠᠭᠠᠤ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠳᠠ ᠶᠢᠨ ᠤᠳᠤᠷᠢᠳᠤᠯᠭ᠎ᠠ ᠱᠢ ᠬᠦᠢ ᠵᠢᠶᠦ᠋ᠨ᠂ ᠵᠠᠩ ᠰᠢᠨ᠂ ᠵᠧᠦ ᠵᠢᠶᠠᠨ ᠫᠢᠩ ᠨᠠᠷ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠤ ᠣᠷᠣᠯᠴᠠᠪᠠ᠃
   ᠯᠢ ᠶᠢᠩ ᠤᠷᠢᠳ ᠬᠤᠵᠢᠳ ᠵᠢᠢ ᠲᠠᠨ᠂ ᠺᠠᠢ ᠷᠦᠢ᠂ ᠹᠧᠩ ᠢᠦᠢ ᠵᠡᠷᠭᠡ ᠺᠣᠮᠫᠠᠨᠢ ᠵᠢᠴᠢ ᠦᠨᠳᠦᠷ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠶ᠂ ᠦᠨᠳᠦᠷ ᠬᠤᠷᠳᠤᠴᠠᠲᠤ ᠲᠡᠮᠦᠷ ᠵᠠᠮ ᠤᠨ ᠵᠢᠦᠢ ᠪᠦᠦ ᠵᠤᠸᠠᠩ ᠪᠠᠯᠭᠠᠰᠤᠨ ᠤ ᠳ᠋ᠠᠨ ᠵᠧᠦ ᠶᠢᠩ ᠤᠨ ᠬᠡᠰᠡᠭ᠂ ᠬᠤᠭ ᠨᠣᠪᠰᠢ ᠪᠤᠯᠠᠬᠤ ᠲᠠᠯᠠᠪᠤᠷ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠃
   ᠯᠢ ᠶᠢᠩ᠄ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ  ᠤᠴᠢᠷ ᠠᠴᠠ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠠᠵᠢᠯᠲᠠᠨ ᠤ ᠠᠮᠤᠷ ᠲᠦᠪᠰᠢᠨ ᠤ ᠪᠤᠯᠪᠠᠰᠤᠷᠠᠭᠤᠯᠤᠯ ᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ  ᠬᠢᠨ ᠬᠢᠨᠠᠯᠲᠠ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ  ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ︔ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠦᠨᠳᠦᠷ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠪᠠᠷᠢᠯᠭ᠎ᠠ ᠳᠠᠭᠤᠰᠬᠠᠬᠤ ᠶᠢ ᠪᠠᠲᠤᠯᠠᠵᠤ᠂ ᠥᠷᠭᠡᠨ ᠤᠯᠠᠨ ᠠᠶᠠᠨᠴᠢᠳ ᠲᠤ ᠳᠥᠭᠦᠮ ᠳᠥᠲᠡ᠂ ᠲᠠᠭᠠᠯᠠᠮᠵᠢᠲᠠᠢ ᠠᠶᠠᠯᠠᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ  ᠦᠨᠳᠦᠷ ᠬᠤᠷᠳᠤᠴᠠᠲᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠴᠡᠪᠡᠷ ᠲᠡᠭᠰᠢ᠂ ᠭᠤᠶᠣ ᠰᠠᠶᠢᠬᠠᠨ ᠦᠨᠳᠦᠷ ᠬᠤᠷᠳᠤᠴᠠᠲᠤ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠬᠤᠲᠠ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ ᠭᠡᠪᠡ᠃            ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ            ᠨᠠᠶᠢᠷᠠᠭᠤᠯᠤᠭᠴᠢ᠄ ᠯᠢ ᠰᠧ ᠬᠤᠢ            ᠬᠢᠨᠠᠨ ᠬᠠᠷᠭᠤᠭᠤᠯᠤᠭᠴᠢ᠄ ᠶᠠᠨ ᠬᠤᠸᠠᠢ ᡁᠢ            ᠤᠷᠴᠢᠭᠤᠯᠤᠭᠴᠢ᠄ ᠬᠠᠨ ᠰᠢᠶᠤᠤ ᠿᠦᠩ            ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3