ᠹᠧᠩᠵᠧᠨ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠵᠦ ᠪᠤᠲᠠᠲᠠᠢ ᠠᠵᠢᠯ ᠬᠢᠭᠰᠡᠨ ᠺᠠᠳ᠋ᠷ︾ ᠢᠶᠠᠷ ᠨᠡᠷᠡᠯᠡᠭᠳᠡᠬᠦ ᠪᠠᠷ ᠪᠠᠶᠢᠭ᠎ᠠ ᠵᠢᠱᠢᠭᠳᠡᠭᠴᠢ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/11/14
   ᠥᠷᠭᠡᠨ ᠣᠯᠠᠨ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ  ᠶᠢ ᠤᠯᠠᠮ ᠨᠢᠭᠡ ᠠᠯᠬᠤᠮ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠪᠤᠳᠠᠳᠠᠶᠢᠵᠢᠭᠤᠯᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠠᠰᠤᠷᠠᠯᠲᠠ ᠦᠭᠡᠢ ᠲᠦᠷᠭᠡᠳᠬᠡᠨ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠬᠤ ᠶᠢᠨ ᠲᠦᠯᠦᠭᠡ᠂ᠵᠣᠬᠢᠶᠠᠨ ᠪᠠᠶᠢᠭᠤᠯᠤᠨ ᠲᠠᠨᠢᠯᠴᠠᠭᠤᠯᠬᠤ᠂ ᠨᠠᠷᠢᠨ ᠬᠢᠨᠠᠮᠠᠭᠠᠢ ᠠᠳᠠᠯᠢᠳᠬᠠᠨ ᠰᠣᠩᠭᠤᠬᠤ᠂ ᠴᠢᠩᠭ᠎ᠠ ᠨᠢᠮᠪᠠᠢ ᠰᠢᠨᠵᠢᠯᠡᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠠᠴᠠ ᠨᠢᠭᠡ ᠪᠦᠯᠦᠭ ︽ᠬᠠᠷᠢᠭᠤᠴᠠᠯᠭ᠎ᠠ ᠡᠭᠦᠷᠭᠡᠯᠡᠵᠦ ᠪᠤᠲᠠᠲᠠᠢ ᠠᠵᠢᠯ ᠬᠢᠭᠰᠡᠨ ᠺᠠᠳ᠋ᠷ︾ ᠢ ᠨᠡᠷᠡᠶᠢᠳᠬᠦ ᠪᠠᠷ ᠲᠣᠭᠲᠠᠪᠠ᠃ ᠰᠤᠳᠤᠯᠬᠤ ᠪᠠᠷ ᠳᠡᠮᠵᠢᠨ᠂ ᠣᠲᠣ ᠨᠡᠷᠡᠶᠢᠳᠬᠦ ᠪᠠᠷ ᠪᠠᠶᠢᠭ᠎ᠠ ᠵᠢᠱᠢᠭᠳᠡᠭᠴᠢ ᠶᠢ ᠵᠠᠷᠯᠠᠨ ᠨᠡᠶᠢᠲᠡᠯᠡᠶ᠎ᠡ᠂ ᠵᠠᠷᠯᠠᠨ ᠨᠡᠶᠢᠲᠡᠯᠡᠬᠦ ᠴᠠᠭ ᠨᠢ 2024 ᠣᠨ ᠤ 11 ᠰᠠᠷ᠎ᠠ ᠶᠢᠨ 13 ᠤ ᠡᠳᠦᠷ ᠠᠴᠠ 11 ᠰᠠᠷ᠎ᠠ ᠶᠢᠨ 19 ᠤ ᠡᠳᠦᠷ ᠪᠣᠯᠣᠨ᠎ᠠ᠃  ᠡᠨᠡᠬᠦ ᠬᠤᠭᠤᠴᠠᠭᠠᠨ ᠳᠤ᠂ ᠬᠡᠷᠪᠡ ᠨᠡᠷᠡᠶᠢᠳᠬᠦ ᠭᠡᠵᠦ ᠪᠠᠶᠢᠭ᠎ᠠ ᠡᠲᠡᠭᠡᠳ ᠲᠤ ᠣᠨᠳᠣᠣ ᠰᠠᠨᠠᠯ ᠲᠠᠢ ᠪᠣᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠲᠤᠰᠬᠠᠵᠤ ᠪᠣᠯᠣᠨ᠎ᠠ᠂ ᠡᠭᠦᠨ ᠤ ᠬᠠᠮᠲᠤ ᠲᠤᠰ ᠬᠥᠮᠥᠨ ᠤ ᠦᠨᠡᠨ ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠡ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠮᠡᠳᠡᠭᠳᠡᠬᠦ ᠪᠤᠶᠤ ᠭᠠᠷ ᠤᠨ ᠦᠰᠦᠭ ᠵᠢᠷᠤᠭᠠᠷᠠᠢ᠃    ᠵᠠᠷᠯᠠᠨ ᠨᠡᠶᠢᠲᠡᠯᠡᠬᠦ ᠤᠲᠠᠰᠤ᠄ 0474 ︱ 12380    ᠬᠦᠯᠢᠶᠡᠨ ᠠᠪᠬᠤ ᠴᠠᠭ᠄ ᠦᠳᠡ ᠶᠢᠨ ᠡᠮᠦᠨᠡᠬᠢ 9᠄ 00 ︱ 12᠄ 00 ᠴᠠᠭ                         ᠦᠳᠡ ᠶᠢᠨ ᠬᠤᠶᠢᠨᠠᠬᠢ 14᠄ 30 ︱ 18᠄ 00 ᠴᠠᠭ    ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠠᠯᠪᠠᠨ ᠭᠡᠷ ᠢ ᠹᠧᠩᠵᠧᠨ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ 532 ᠲᠠᠰᠤᠭ ᠲᠤ ᠲᠤᠬᠢᠷᠠᠭᠤᠯᠪᠠ᠃               ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                            2024 ᠣᠨ ᠤ 11 ᠰᠠᠷ᠎ᠠ ᠶᠢᠨ 12 ᠤᠨ ᠡᠳᠦᠷ               ᠹᠧᠩᠵᠧᠨ ᠬᠤᠲᠠ ᠶᠢᠨ ︽ᠬᠠᠷᠢᠭᠤᠴᠠᠯᠭ᠎ᠠ ᠡᠭᠦᠷᠭᠡᠯᠡᠵᠦ ᠪᠤᠲᠠᠲᠠᠢ ᠠᠵᠢᠯ ᠬᠢᠭᠰᠡᠨ ᠺᠠᠳ᠋ᠷ︾  ᠤᠨ ᠵᠢᠱᠢᠭᠳᠡᠭᠴᠢ ᠶᠢᠨ ᠨᠡᠷᠡᠰ ︵ᠬᠢᠲᠠᠳ ᠦᠰᠦᠭ ᠤᠨ ᠪᠢᠴᠢᠯᠭᠡ ᠶᠢᠨ ᠳᠡᠰ ᠳᠠᠷᠠᠭᠠᠯᠠᠯ ᠢᠶᠠᠷ ᠵᠢᠭᠰᠠᠭᠠᠪᠠ︶    ᠮᠠ ᠵᠢᠶᠦ᠋ᠨ ᠵᠢᠶᠧ᠄ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠺᠠᠳ᠋ᠷ᠂ ᠾᠧᠢ  ᠲᠤ ᠲᠠᠢ ᠪᠠᠯᠭᠠᠰᠤᠨ ᠤ ᠮᠣᠣ ᠡᠯ ᠱᠠᠨ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠃    ᠸᠠᠩ ᠱᠠᠩ ᠱᠠᠩ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠬᠤᠶᠠᠳᠤᠭᠠᠷ ᠡᠭᠦᠷ ᠤᠨ ᠱᠦᠵᠢ᠂ ᠰᠢᠨ᠎ᠡ ᠲᠣᠭᠤᠷᠢᠭ ᠤᠨ ᠳᠤᠮᠳᠠ ᠠᠩᠭᠢ ᠶᠢᠨ ᠳᠠᠷᠤᠭ᠎ᠠ᠃    ᠸᠠᠩ ᠴᠢ ᠯᠦᠩ᠄ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠦᠢᠯᠡᠴᠢᠯᠡᠭᠡᠨ ᠤ ᠲᠥᠪ ᠤᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ᠃    ᠨᠢᠦ ᠬᠠᠢ ᠯᠦᠩ᠄ ᠴᠠᠭᠳᠠᠨ ᠪᠠᠶᠢᠴᠠᠭᠠᠬᠤ ᠠᠯᠪᠠᠨ ᠭᠡᠷ ᠤᠨ ᠺᠠᠳ᠋ᠷ᠂ ᠬᠤᠲᠠ ᠶᠢᠨ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠶᠢᠨ ᠰᠢᠨ ᠴᠧᠩ ᠸᠠᠨ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠃    ᠹᠦ᠋ ᠲᠠᠢ᠄ ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠭᠢᠯᠡᠭᠴᠢ᠃    ᠹᠦ᠋ ᠵᠢᠶᠠᠩ ᠲᠢᠩ᠄ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠯᠪᠠᠨ ᠭᠡᠷ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠃    ᠯᠢᠦᠢ ᠵᠢᠶᠠ ᠴᠢ᠄ ︵ᠮᠣᠩᠭᠤᠯ ᠦᠨᠳᠦᠰᠦᠲᠡᠨ︶᠂ ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠲᠠ ᠶᠢᠨ ᠬᠤᠷᠢᠶ᠎ᠠ ᠶᠢᠨ ᠳᠡᠳ᠋ ᠱᠦᠵᠢ᠃    ᠴᠢᠶᠣᠤ ᠰᠢᠶᠣᠣ ᠯᠢ᠄ ︵ᠡᠮᠡᠭᠲᠡᠢ︶᠂ ᠭᠤᠸᠠᠨ ᠲᠦᠨ ᠪᠦ᠋ ᠰᠢᠶᠠᠩ ᠤᠨ ᠨᠠᠮ ᠤᠨ ᠬᠤᠷᠢᠶᠠᠨ ᠤ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠃    ᠯᠢᠦ ᠴᠢ᠄ ︵ᠡᠮᠡᠭᠲᠡᠢ︶᠂ ᠵᠢᠦᠢ ᠪᠦᠦ ᠵᠤᠸᠠᠩ ᠪᠠᠯᠭᠠᠰᠤᠨ ᠤ ᠨᠢᠭᠡᠳᠦᠭᠡᠷ ᠳᠡᠰ ᠤᠨ ᠭᠡᠰᠢᠭᠦᠴᠢ᠃    ᠯᠢ ᠬᠤᠸᠠ᠄ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠃    ᠯᠢ ᠮᠧᠶ ᠶᠠᠨ᠄ ︵ᠡᠮᠡᠭᠲᠡᠢ︶᠂ ᠬᠠᠭᠤᠴᠢᠨ ᠬᠤᠳᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ᠃    ᠵᠠᠩ ᠯᠦᠩ ᠱᠧᠩ᠄ ᠹᠧᠩᠴᠤᠸᠠᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠃    ᠵᠠᠩ ᡁᠢ ᠰᠢᠨ᠄ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠡᠪᠰᠡᠭᠲᠦ ᠠᠵᠢᠯᠯᠠᠭᠴᠢ᠃    ᠵᠠᠩ ᠶᠠᠨ ᠯᠦᠩ᠄ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠬᠡᠯᠳᠡᠰ ᠤᠨ ᠳᠠᠷᠤᠭ᠎ᠠ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠃    ᠴᠧᠨ ᠶᠠᠨ ᠯᠦᠩ᠄ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠺᠠᠳ᠋ᠷ᠂ ᠬᠤᠩ ᠱᠠ ᠪᠠ ᠪᠠᠯᠭᠠᠰᠤᠨ ᠤ ᠱᠢ ᠪᠠ ᠲᠠᠢ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠃    ᠬᠤ᠋ ᠮᠢᠶᠣᠣ᠄ ᠬᠤᠨ ᠶᠤᠸᠠᠨ ᠶᠣᠣ ᠰᠢᠶᠠᠩ ᠤᠨ ᠠᠯᠪᠠᠨ ᠭᠡᠷ ᠤᠨ ᠡᠷᠬᠢᠯᠡᠭᠴᠢ᠃    ᠵᠢᠶᠠᠩ ᠯᠢᠨ᠄ ︵ᠡᠮᠡᠭᠲᠡᠢ︶᠂ ᠰᠠᠨ ᠢ ᠴᠢᠤᠸᠠᠨ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠃    ᠨᠢᠶᠧ ᠬᠠᠢ ᠵᠢᠶᠦ᠋ᠨ᠄ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠃    ᠭᠤᠤ ᠶᠠᠨ ᠪᠢᠩ᠄ ᠦᠢᠯᠡᠳᠪᠦᠷᠢ ᠬᠤᠳᠠᠯᠳᠤᠭᠠᠨ ᠤ ᠬᠤᠯᠪᠣᠭᠠᠨ ᠤ ᠨᠠᠷᠢᠨ ᠪᠢᠴᠢᠭ ᠤᠨ ᠳᠠᠷᠤᠭ᠎ᠠ᠃    ᠭᠦᠸᠧ ᠶᠠᠩ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠺᠠᠳ᠋ᠷ᠂ ᠯᠦᠩ ᠱᠧᠩ ᠵᠤᠸᠠᠩ ᠪᠠᠯᠭᠠᠰᠤᠨ ᠤ ᠳ᠋ᠦᠩ ᠭᠤᠸᠠᠨ ᠼᠦᠨ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠃    ᠴᠠᠩ ᠵᠢᠢ ᠴᠧᠨ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠺᠠᠳ᠋ᠷ᠂ ᠶᠤᠸᠠᠨ ᠱᠠᠨ ᠽᠢ ᠰᠢᠶᠠᠩ ᠰᠢᠶᠠᠩ ᠪᠦᠦ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠃     ᠶᠢᠨ ᠶᠦᠩ ᠴᠢᠩ᠄ ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠃    ᠸᠧᠢ ᠵᠢᠶᠠᠨ ᠮᠢᠨ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ᠂ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠃         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3