ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠬᠢᠨ ᠣᠷᠳᠣ ᠴᠠᠭᠠᠨ ᠬᠡᠷᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠭᠤᠷᠢᠨ ᠪᠠᠶᠢᠴᠠᠭᠠᠯᠲᠠ ᠶᠢᠨ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2024/11/14
   ᠣᠷᠳᠣ ᠴᠠᠭᠠᠨ ᠬᠡᠷᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠠᠷᠢᠶᠠᠲᠤ ᠣᠷᠣᠨ ᠤ ᠣᠷᠳᠣ ᠴᠠᠭᠠᠨ ᠬᠡᠷᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠬᠤ ᠶᠢᠨ ᠲᠤᠰᠠᠳᠠ᠂ 11 ᠰᠠᠷ᠎ᠠ ᠶᠢᠨ 12 ᠤᠨ ᠡᠳᠦᠷ᠂ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠬᠢᠨ ᠣᠷᠳᠣ ᠴᠠᠭᠠᠨ ᠬᠡᠷᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠭᠤᠷᠢᠨ  ᠪᠠᠶᠢᠴᠠᠭᠠᠯᠲᠠ ᠶᠢᠨ ᠠᠵᠢᠯ ᠢ ᠦᠷᠨᠢᠭᠦᠯᠪᠡ᠃
   ᠲᠣᠭᠤᠷᠢᠨ ᠪᠠᠶᠢᠴᠠᠭᠠᠬᠤ ᠶᠠᠪᠤᠴᠠ ᠳᠤ᠂ ᠠᠵᠢᠯᠲᠠᠳ ᠰᠢᠨᠵᠢᠯᠡᠬᠦ ᠤᠬᠠᠭᠠᠨᠴᠢ ᠪᠠᠷ ᠵᠠᠮ ᠱᠤᠭᠤᠮ ᠢᠶᠠᠨ ᠲᠥᠯᠥᠪᠵᠢᠭᠦᠯᠵᠦ᠂ ᠵᠢᠯᠣᠭᠤᠴᠢ ᠦᠭᠡᠢ ᠨᠢᠰᠬᠡᠯ᠂ ᠪᠠᠶᠢᠷᠢ ᠲᠣᠭᠲᠠᠭᠠᠬᠤ ᠬᠡᠮᠵᠢᠭᠦᠷᠯᠢᠭ ᠵᠡᠷᠭᠡ ᠲᠡᠷᠢᠭᠦᠨ ᠤ ᠲᠥᠬᠦᠭᠡᠷᠦᠮᠵᠢ ᠶᠢ ᠲᠣᠬᠢᠷᠠᠭᠤᠯᠤᠨ᠂ ᠬᠠᠷᠢᠶᠠᠲᠤ ᠣᠷᠣᠨ ᠤ ᠪᠠᠨ ᠮᠢᠩ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠤᠨ ᠪᠠᠷᠢᠯᠭ᠎ᠠ ᠶᠢᠨ ᠪᠠᠭᠤᠷᠢ ᠳᠤ ᠨᠠᠷᠢᠨ ᠨᠢᠮᠪᠠᠢ ᠪᠠᠶᠢᠴᠠᠭᠠᠯᠲᠠ ᠬᠢᠵᠦ᠂ ᠮᠢᠩ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠤᠨ ᠪᠠᠷᠢᠯᠭ᠎ᠠ ᠶᠢᠨ ᠪᠠᠭᠤᠷᠢ ᠶᠢᠨ ᠲᠠᠷᠬᠠᠯᠲᠠ ᠶᠢᠨ ᠪᠠᠶᠢᠳᠠᠯ᠂ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ᠂ ᠬᠠᠮᠠᠭᠠᠯᠠᠯᠲᠠ ᠶᠢᠨ ᠢᠯᠡᠷᠬᠡᠶᠢᠯᠡᠯ ᠤᠨ ᠫᠠᠶᠢᠰᠠ ᠪᠠᠶᠢᠭᠤᠯᠤᠭᠰᠠᠨ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠦᠵᠡᠭᠰᠡᠨ ᠪᠥᠭᠡᠳ ᠣᠷᠳᠣ ᠴᠠᠭᠠᠨ ᠬᠡᠷᠡᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠠᠮᠤᠷ ᠲᠦᠪᠰᠢᠨ ᠤ ᠳᠠᠯᠳᠠ ᠬᠡᠮ ᠤᠨ ᠦᠨᠡᠯᠡᠯᠲᠡ ᠬᠢᠪᠡ᠃
   ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠠᠴᠠ ᠣᠷᠳᠣ ᠴᠠᠭᠠᠨ ᠬᠡᠷᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠣᠭᠤᠷᠢᠨ ᠪᠠᠶᠢᠴᠠᠭᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠣᠷᠳᠣ ᠴᠠᠭᠠᠨ ᠬᠡᠷᠡᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠡᠯ᠎ᠡ ᠬᠠᠷᠢᠭᠤᠴᠠᠯᠭᠠᠲᠤ ᠨᠢᠭᠡᠴᠡ ᠲᠠᠢ ᠬᠤᠯᠪᠤᠭᠠᠯᠠᠨ ᠠᠵᠢᠯ ᠤᠨ ᠤᠬᠠᠭᠤᠯᠭ᠎ᠠ ᠶᠢ ᠰᠠᠶᠢᠲᠤᠷ ᠬᠢᠬᠦ ᠶᠢᠨ ᠬᠠᠮᠲᠤ ᠥᠷᠭᠡᠨ ᠣᠯᠠᠨ ᠲᠦᠮᠡᠨ ᠤ ᠣᠷᠳᠣ ᠴᠠᠭᠠᠨ ᠬᠡᠷᠡᠮ ᠢ ᠬᠠᠮᠠᠭᠠᠯᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠬᠠᠷᠢᠶᠠᠲᠤ ᠣᠷᠣᠨ ᠤ ᠣᠷᠳᠣ ᠴᠠᠭᠠᠨ ᠬᠡᠷᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠳᠤ ᠠᠮᠤᠷ ᠲᠦᠪᠰᠢᠨ ᠤ ᠬᠠᠯᠬᠠᠪᠴᠢ ᠶᠢ ᠬᠦᠴᠦ ᠪᠠᠨ ᠬᠠᠮᠲᠤᠳᠬᠠᠨ ᠴᠣᠭᠴᠠᠯᠠᠨ᠎ᠠ᠃         ᠵᠣᠬᠢᠶᠠᠭᠴᠢ᠄ ᠬᠤᠤ ᠴᠧᠨ ᠹᠧᠩ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3