ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 2024 ᠣᠨ ᠤ ᠠᠷᠪᠠᠨ ᠳᠥᠷᠪᠡᠳᠦᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/14
   11 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠢᠨ 2024 ᠣᠨ ᠤ ᠠᠷᠪᠠᠨ ᠳᠥᠷᠪᠡᠳᠦᠭᠡᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠨᠠᠷ ᠰᠤᠷᠤᠯᠴᠠᠵᠤ ᠰᠤᠳᠤᠯᠤᠨ ᠶᠠᠷᠢᠯᠴᠠᠬᠤ ᠳᠤ ᠣᠷᠣᠯᠴᠠᠪᠠ᠃ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᠶᠢᠨ ᠢ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠭᠡᠰᠢᠭᠦᠨ ᠤ ᠬᠥᠮᠦᠵᠢᠯ ᠤᠨ ᠲᠥᠪ ᠤᠨ ᠡᠷᠬᠢᠯᠡᠭᠴᠢ ᠴᠠᠩ ᠴᠤᠸ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠨᠣᠯ ᠤᠨ ᠰᠠᠯᠠᠭᠠᠨ ᠤ ᠳᠠᠷᠤᠭ᠎ᠠ ᠸᠠᠩ ᠰᠢᠨ ᠸᠧᠨ ᠤᠷᠢᠯᠭ᠎ᠠ ᠪᠠᠷ ᠬᠤᠷᠠᠯ ᠳᠤ ᠣᠷᠣᠯᠴᠠᠪᠠ᠃ ᠯᠢ ᠶᠢᠩ ᠬᠤᠷᠠᠯ ᠢ ᠡᠷᠬᠢᠯᠡᠪᠡ᠃
   ᠬᠤᠷᠠᠯ ᠠᠴᠠ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠡᠯ᠎ᠡ ᠪᠦᠷᠢᠯᠳᠦᠭᠦᠨ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠢᠷᠢᠰ ᠲᠤᠰᠬᠠᠢ ᠰᠡᠳᠦᠪ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠪᠢᠴᠢᠭ ᠤᠨ ᠬᠡᠯᠪᠡᠷᠢ ᠶᠢᠨ ᠰᠤᠷᠤᠯᠴᠠᠯᠭ᠎ᠠ ᠬᠢᠪᠡ᠃    ᠰᠤᠳᠤᠯᠤᠨ ᠶᠠᠷᠢᠯᠴᠠᠬᠤ ᠶᠠᠪᠤᠴᠠ ᠳᠤ᠂ ᠯᠢ ᠶᠢᠩ᠂ ᠵᠠᠩ ᠬᠤᠩ᠂ ᠯᠢ ᠱᠦ ᠸᠧᠢ᠂ ᠵᠠᠩ ᠵᠢᠶᠦ᠋ᠨ᠂ ᠳ᠋ᠧᠩ ᠰᠢᠶᠣᠣ ᠯᠢ᠂ ᠸᠠᠩ ᠯᠠᠢ ᠱᠤᠸᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠭᠤᠷᠢᠨ ᠳᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠪᠦᠷᠢᠯᠳᠦᠭᠦᠨ ᠪᠢᠴᠢᠭ ᠤᠨ ᠮᠠᠲ᠋ᠧᠷᠢᠶᠠᠯ ᠢᠶᠠᠨ ᠲᠤᠰᠢᠶᠠᠪᠠ᠃ ᠳᠠᠷᠠᠭ᠎ᠠ ᠪᠠᠷ ᠨᠢ ᠯᠢ ᠶᠢᠨ ᠢ ᠰᠤᠷᠤᠯᠴᠠᠯᠭ᠎ᠠ ᠶᠢᠨ ᠲᠤᠬᠠᠢ ᠰᠤᠳᠤᠯᠤᠨ ᠶᠠᠷᠢᠯᠴᠠᠬᠤ ᠳᠤ ᠦᠨᠡᠯᠡᠯᠲᠡ ᠬᠢᠪᠡ᠃    ᠯᠢ ᠶᠢᠩ ᠰᠤᠷᠤᠯᠴᠠᠵᠤ ᠰᠤᠳᠤᠯᠤᠨ ᠶᠠᠷᠢᠯᠴᠠᠬᠤ ᠳᠤ᠄ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ︔ ᠤᠬᠠᠭᠤᠯᠭ᠎ᠠ ᠬᠥᠮᠦᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠢ︔ ᠵᠣᠷᠢᠯᠲᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠳᠤ ᠬᠤᠪᠢᠷᠠᠯᠲᠠ ᠶᠢ ᠬᠠᠷᠠᠭᠤᠯᠵᠤ᠂ ᠪᠣᠳᠠᠲᠠᠢ ᠠᠰᠢᠭ ᠬᠦᠷᠲᠡᠭᠡᠬᠦ ᠪᠠᠷ ᠴᠢᠷᠮᠠᠶᠢᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃          ᠵᠣᠬᠢᠶᠠᠭᠴᠢ᠄ ᠵᠢᠶᠠ ᠯᠢ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3