︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠨᠢ ᠭᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠬᠠᠯᠠᠭᠤᠨ ᠥᠷᠨᠢᠯᠲᠡ ᠶᠢ ᠪᠤᠢ ᠪᠤᠯᠭᠠᠪᠠ
ᠨᠡᠶᠢᠲᠡᠯᠡᠭᠰᠡᠨ ᠴᠠᠭ᠄
2024/11/15
     ᠭᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠤᠨ ᠪᠣᠬᠢᠷᠲᠤᠯ ᠦᠭᠡᠢ ᠬᠥᠭᠵᠢᠯᠲᠡ ᠶᠢ ᠨᠠᠩ ᠰᠠᠶᠢᠨ ᠠᠬᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠬᠢᠨ ᠭᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠴᠢᠳ ᠤᠨ ᠬᠤᠳᠠᠯᠳᠤᠨ ᠠᠪᠬᠤ ᠤᠷᠮ᠎ᠠ ᠶᠢ ᠬᠥᠭᠵᠢᠭᠡᠭᠰᠡᠨ ᠢᠶᠠᠷ ᠪᠠᠷᠠᠬᠤ ᠦᠭᠡᠢ᠂ ᠭᠡᠷ ᠤᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ  ᠬᠠᠩᠭᠠᠪᠠ᠃
   ᠰᠤᠷᠪᠤᠯᠵᠢᠯᠠᠭᠴᠢ ᠳ᠋ᠦᠸᠧ ᠶᠤᠸᠠᠨ ᠴᠠᠬᠢᠯᠭᠠᠨ ᠬᠡᠷᠡᠭᠰᠡᠯ ᠤᠨ ᠳᠡᠯᠭᠡᠭᠦᠷ ᠲᠤ ᠡᠯ᠎ᠡ ᠵᠦᠢᠯ ᠤᠨ ᠴᠠᠬᠢᠯᠭᠠᠨ ᠬᠡᠷᠡᠭᠰᠡᠯ ᠪᠦᠷᠢᠨ ᠭᠦᠢᠴᠡᠳ᠂ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠪᠠᠷ ᠢᠷᠡᠭᠰᠡᠨ ᠵᠣᠴᠢᠳ ᠲᠠᠰᠤᠷᠠᠯᠲᠠ ᠦᠭᠡᠢ ᠣᠯᠠᠰᠢᠷᠠᠵᠤ᠂ ᠪᠣᠷᠣᠯᠠᠭᠤᠯᠤᠭᠴᠢᠳ ᠬᠡᠷᠡᠭᠯᠡᠭᠴᠢᠳ ᠲᠤ ᠭᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠦᠯᠢᠴᠡᠩᠭᠦᠢ ᠪᠥᠭᠡᠳ ᠨᠠᠷᠢᠨ ᠲᠠᠶᠢᠯᠪᠤᠷᠢᠯᠠᠵᠤ ᠪᠠᠶᠢᠭ᠎ᠠ ᠶᠢ ᠤᠯᠵᠤ ᠬᠠᠷᠠᠪᠠ᠃
   ᠳᠡᠯᠭᠡᠭᠦᠷ ᠲᠤ ᠠᠰᠢᠭ ᠣᠯᠭᠤᠬᠤ ᠪᠠ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠳᠠᠪᠬᠤᠴᠠᠭᠰᠠᠨ ᠠᠴᠠ ᠬᠠᠷᠠᠭᠠᠯᠵᠠᠯ ᠦᠵᠡᠭᠦᠯᠬᠦ ᠡᠷᠴᠢᠮ ᠨᠢ ᠮᠠᠰᠢ ᠶᠡᠭᠡ ᠪᠣᠯᠵᠤ᠂ ᠵᠣᠴᠢᠳ ᠮᠠᠰᠢ ᠰᠡᠳᠬᠢᠯ ᠬᠠᠨᠤᠮᠵᠢᠲᠠᠶ ᠪᠠᠶᠢᠵᠤ᠂ ᠯᠢ ᠬᠠᠲᠤᠭᠲᠠᠢ ᠲᠡᠷᠡ ᠳᠣᠣᠷ᠎ᠠ ᠨᠢ ᠭᠡᠷ ᠤᠨ ᠴᠠᠬᠢᠯᠭᠠᠨ ᠬᠡᠷᠡᠭᠰᠡᠯ ᠢ ᠢᠵᠢ ᠪᠦᠷᠢᠨ ᠬᠤᠳᠠᠯᠳᠤᠨ ᠠᠪᠬᠤ ᠪᠠᠷ ᠲᠤᠭᠲᠠᠪᠠ᠃    ᠭᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠨᠡᠮᠡᠭᠳᠡᠯ ᠢ ᠪᠦᠲᠦᠮᠵᠢᠲᠡᠶ ᠠᠬᠢᠭᠤᠯᠵᠤ᠂ ᠭᠡᠷ ᠤᠨ ᠴᠠᠬᠢᠯᠭᠠᠨ ᠬᠡᠷᠡᠭᠰᠡᠯ ᠤᠨ ᠠᠵᠢᠯ ᠲᠥᠷᠥᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠬᠡᠷᠡᠭᠯᠡᠭᠴᠢᠳ ᠲᠤ ᠦᠨᠡᠨ ᠪᠣᠳᠠᠲᠠᠢ ᠬᠠᠷᠠᠭᠠᠯᠵᠠᠯ ᠪᠠ ᠳᠥᠭᠦᠮ ᠳᠥᠲᠡ ᠦᠢᠯᠡᠴᠢᠯᠡᠭᠡ ᠶᠢ ᠬᠦᠷᠲᠡᠭᠡᠪᠡ᠃       ᠵᠣᠬᠢᠶᠠᠭᠴᠢ᠄ ᠭᠦᠸᠧ ᠬᠤᠶ ᠮᠢᠨ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3