2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠢᠯᠡ ᠪᠠᠷ ᠴᠤᠭᠯᠠᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/11/15
    ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠡ ᠦᠭᠡᠢ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠷᠠᠳ ᠤᠨ ᠠᠮᠢᠳᠤᠷᠠᠯ ᠤᠨ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ᠂ ᠮᠠᠨ ᠤ ᠬᠤᠳᠠ ᠶᠢᠨ ᠠᠷᠠᠳ ᠤᠨ ᠠᠮᠢᠳᠤᠷᠠᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠲᠦᠯᠦᠭᠡ᠂ 2025 ᠣᠨ ᠳᠤ᠂ ᠮᠠᠨ ᠤ ᠬᠤᠲᠠ ᠶᠢᠨ ᠬᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠣᠲᠣ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠰᠠᠨᠠᠭᠤᠯᠭ᠎ᠠ ᠴᠤᠭᠯᠠᠭᠤᠯᠵᠤ᠂ ᠥᠷᠭᠡᠨ ᠣᠯᠠᠨ ᠬᠤᠲᠠ ᠶᠢᠨ ᠠᠷᠠᠳ ᠢ ᠤᠷᠢᠵᠤ ᠡᠯᠰᠡᠨ ᠴᠤᠭᠯᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠤᠲᠠ ᠶᠢᠨ ᠵᠠᠰᠠᠭ ᠤᠨ ᠣᠷᠳᠣᠨ ᠤ ᠠᠵᠢᠯ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠡᠯᠰᠡᠬᠦ ᠴᠠᠭ    ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2024 ᠣᠨ ᠤ 12 ᠰᠠᠷ᠎ᠠ ᠶᠢᠨ 15 ᠤ ᠡᠳᠦᠷ ᠪᠣᠯᠲᠠᠯ᠎ᠠ᠃    ᠬᠤᠶᠠᠷ᠂ ᠡᠯᠰᠡᠬᠦ ᠵᠠᠷᠴᠢᠮ    ︵ᠨᠢᠭᠡ︶ ᠲᠦᠭᠡᠮᠡᠯ ᠬᠠᠷᠠᠭᠠᠯᠵᠠᠯ ᠤᠨ ᠴᠢᠨᠠᠷ ᠢ ᠢᠯᠡᠷᠡᠭᠦᠯᠦᠨ᠎ᠡ᠃ ᠳᠤᠷᠠᠳᠤᠭᠰᠠᠨ ᠲᠥᠷᠥᠯ ᠵᠦᠢᠯ ᠳᠤ ︽ᠠᠷᠠᠳ ᠤᠨ ᠠᠮᠢᠳᠤᠷᠠᠯ ᠳᠤ ᠦᠢᠯᠡᠴᠢᠯᠡᠬᠦ᠂ ᠨᠡᠶᠢᠳᠡᠮ ᠬᠠᠷᠠᠭᠠᠯᠵᠠᠵᠤ ᠬᠠᠮᠲᠤᠪᠠᠷ ᠭᠥᠷᠳᠡᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ︾ ᠵᠠᠷᠴᠢᠮ ᠶᠣᠰᠣᠭᠠᠷ᠂ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ᠂ ᠪᠠᠴᠢᠮ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠭᠤᠣᠯᠳᠠᠯᠭ᠎ᠠ ᠲᠠᠢ ᠰᠣᠩᠭᠤᠨ ᠠᠪᠬᠤ ᠶᠢᠨ ᠬᠠᠮᠲᠤ ᠨᠡᠯᠢᠶᠡᠳ ᠴᠢᠩᠭ᠎ᠠ ᠲᠥᠯᠥᠭᠡᠯᠡᠬᠦ ᠴᠢᠨᠠᠷᠲᠠᠢ ᠪᠠ ᠥᠷᠭᠡᠨ ᠳᠡᠯᠭᠡᠷ ᠠᠰᠢᠭ ᠭᠥᠷᠳᠡᠬᠦ ᠬᠡᠪᠴᠢᠶ᠎ᠡ ᠲᠠᠢ ᠵᠦᠢᠯᠡᠰ ᠢ ᠭᠤᠣᠯᠳᠠᠯᠭ᠎ᠠ ᠲᠠᠢ ᠰᠣᠩᠭᠤᠨ ᠠᠪᠬᠤ ᠬᠡᠷᠡᠭᠲᠡᠢ᠃    ︵ᠬᠤᠶᠠᠷ︶ ᠪᠣᠯᠣᠮᠵᠢᠲᠤ ᠴᠢᠨᠠᠷ ᠢ ᠴᠢᠬᠤᠯᠠᠴᠢᠯᠠᠨ᠎ᠠ᠃ ᠳᠤᠷᠠᠳᠤᠭᠰᠠᠨ ᠲᠥᠷᠥᠯ ᠵᠦᠢᠯ ᠨᠢ ᠮᠠᠨ ᠤ ᠬᠤᠲᠠ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠲᠥᠷᠥᠯ ᠵᠦᠢᠯ ᠤᠨ ᠦᠨᠡᠨᠬᠦ ᠶᠠᠪᠤᠭᠳᠠᠭᠤᠰᠢᠲᠠᠢ ᠪᠠᠶᠢᠬᠤ ᠶᠢ ᠪᠠᠲᠤᠯᠠᠵᠤ᠂ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ ᠡᠵᠡᠮᠳᠡᠵᠦ ᠪᠣᠯᠬᠤ ᠴᠢᠨᠠᠷ ᠲᠠᠢ ᠪᠠᠶᠢᠵᠤ᠂ ᠵᠠᠷᠴᠢᠮ ᠳᠡᠭᠡᠷ᠎ᠡ ᠪᠠᠨ ᠲᠤᠬᠠᠢ ᠶᠢᠨ ᠵᠢᠯ ᠳᠤ ᠪᠡᠶᠡᠯᠡᠭᠦᠯᠬᠦ ᠪᠤᠶᠤ ᠨᠡᠯᠢᠶᠡᠳ ᠢᠯᠡᠷᠬᠡᠢ ᠳᠦᠷᠢ ᠲᠥᠷᠬᠦ ᠶᠢᠨ ᠠᠬᠢᠴᠠ ᠲᠠᠢ ᠪᠣᠯᠭᠠᠬᠤ ᠬᠡᠷᠡᠭᠲᠡᠢ᠃    ︵ᠭᠤᠷᠪᠠ︶ ᠲᠣᠭᠲᠠᠭᠠᠯ ᠳᠤ ᠨᠡᠶᠢᠴᠡᠬᠦ ᠴᠢᠨᠠᠷ ᠢ ᠪᠠᠷᠢᠮᠲᠠᠯᠠᠨ᠎ᠠ᠃ ᠳᠤᠷᠠᠳᠤᠭᠰᠠᠨ ᠲᠥᠷᠥᠯ ᠵᠦᠢᠯ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠵᠦ᠂ ᠮᠠᠨ ᠤ ᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠵᠤ᠂ ᠣᠨᠴᠠ ᠵᠠᠷᠢᠮ ᠨᠢᠭᠡᠴᠡ ᠪᠤᠶᠤ ᠬᠤᠪᠢ ᠬᠥᠮᠥᠨ ᠤ ᠰᠢᠢᠳᠪᠦᠷᠢᠯᠡᠭᠦᠯᠬᠦ ᠪᠠᠷ ᠱᠠᠭᠠᠷᠳᠠᠭᠰᠠᠨ ᠠᠰᠠᠭᠤᠳᠠᠯ ᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠪᠣᠯᠭᠠᠬᠤ ᠦᠭᠡᠢ᠃    ᠭᠤᠷᠪᠠ᠂ ᠡᠯᠰᠡᠬᠦ ᠠᠭᠤᠯᠭ᠎ᠠ    ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠨ᠂ ︽ᠠᠷᠠᠳ ᠤᠯᠠᠨ ᠳᠤ ᠲᠦᠬᠦᠮ ᠦᠵᠡᠭᠦᠯᠬᠦ᠂ ᠠᠷᠠᠳ ᠤᠯᠠᠨ ᠳᠤ ᠬᠠᠷᠠᠭᠠᠯᠵᠠᠯ ᠬᠦᠷᠲᠡᠭᠡᠬᠦ᠂ ᠠᠷᠠᠳ ᠤᠯᠠᠨ ᠳᠤ ᠠᠰᠢᠭ ᠬᠦᠷᠲᠡᠭᠡᠬᠦ︾ ᠵᠠᠷᠴᠢᠮ ᠶᠣᠰᠣᠭᠠᠷ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠵᠦᠢᠯᠡᠰ ᠢ ᠥᠷᠭᠡᠨ ᠢᠶᠠᠷ ᠴᠤᠭᠯᠠᠭᠤᠯᠵᠤ᠂ ᠭᠤᠣᠯᠳᠠᠭᠤ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠣᠷᠣᠨ ᠰᠠᠭᠤᠴᠠ ᠶᠢᠨ ᠪᠠᠲᠤᠯᠠᠭ᠎ᠠ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠨᠥᠬᠦᠴᠡᠯ᠂ ᠤᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠃    ᠳᠥᠷᠪᠡ᠂ ᠡᠯᠰᠡᠬᠦ ᠠᠷᠭ᠎ᠠ ᠮᠠᠶ᠋ᠢᠭ    ᠳᠤᠷᠠᠳᠤᠭᠰᠠᠨ ᠲᠥᠷᠥᠯ ᠵᠦᠢᠯ ᠢ ᠳ᠋ᠢᠶᠠᠩᠬᠤᠸᠠ᠂ ᠵᠠᠬᠢᠳᠠᠯ᠂ ᠡᠯᠧᠺᠲᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠦᠷᠭᠡᠵᠦ ᠪᠣᠯᠣᠨ᠎ᠠ᠂ ᠲᠥᠷᠥᠯ ᠵᠦᠢᠯ ᠳᠤ ᠪᠣᠳᠠᠲᠠᠢ ᠬᠠᠷᠠᠯᠲᠠ ᠪᠠ ᠠᠭᠤᠯᠭ᠎ᠠ ᠶᠢ ᠵᠢᠭᠰᠠᠭᠠᠨ ᠭᠠᠷᠭᠠᠵᠤ᠂ ᠲᠣᠪᠴᠢ ᠲᠣᠳᠣᠷᠬᠠᠢ ᠢᠯᠡᠳᠬᠡᠬᠦ ᠬᠡᠷᠡᠭᠲᠡᠢ᠃ ︵ᠬᠠᠷᠢᠯᠴᠠᠬᠤ ᠬᠥᠮᠥᠨ ᠤ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠶᠢ ᠲᠣᠳᠣᠷᠬᠠᠶᠢᠯᠠᠵᠤ᠂ ᠬᠠᠷᠢᠯᠴᠠᠬᠤ ᠪᠠ ᠤᠯᠠᠮ ᠨᠢᠭᠡ ᠠᠯᠬᠤᠮ ᠰᠠᠨᠠᠯ ᠬᠤᠷᠢᠶᠠᠬᠤ ᠳᠤ ᠳᠥᠭᠦᠮ ᠪᠣᠯᠭᠠᠨ᠎ᠠ︶    ︵ᠨᠢᠭᠡ︶ ᠳ᠋ᠢᠶᠠᠩᠬᠤᠸᠠ ᠪᠠᠷ ᠡᠯᠰᠡᠬᠦ    0474 -3254540 ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ ᠤᠲᠠᠰᠤᠨ ᠳᠤ ᠤᠲᠠᠰᠤᠳᠠᠭᠠᠷᠠᠢ᠃    ︵ᠬᠤᠶᠠᠷ︶ ᠵᠠᠬᠢᠳᠠᠯ ᠴᠤᠭᠯᠠᠭᠤᠯᠬᠤ    ᠰᠢᠤᠳᠠᠨ ᠢᠶᠠᠷ ᠶᠠᠪᠤᠭᠤᠯᠬᠤ ᠬᠠᠶ᠋ᠢᠭ᠄ ᠹᠧᠩᠵᠧᠨ ᠬᠤᠲᠠ ᠶᠢᠨ ᠰᠢᠨ᠎ᠡ ᠲᠣᠭᠤᠷᠢᠭ ᠤᠨ ᠶᠢᠩ ᠪᠢᠨ ᠶᠡᠭᠡ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ ᠤᠨ 322 ᠥᠷᠥᠭᠡ᠃    ︵ᠭᠤᠷᠪᠠ︶ ᠰᠢᠤᠳᠠᠨ ᠬᠠᠶᠢᠷᠴᠠᠭ ᠡᠯᠰᠡᠬᠦ    ᠡᠯᠧᠺᠲᠷᠣᠨ ᠰᠢᠤᠳᠠᠨ ᠬᠠᠶᠢᠷᠴᠠᠭ᠄ fzsxxzx@163.com᠃ ᠰᠢᠤᠳᠠᠨ ᠤ ᠵᠦᠢᠯ ᠤᠨ ᠭᠠᠷᠴᠠᠭ ᠲᠤ ︽2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠤᠭᠯᠠᠭᠤᠯᠬᠤ︾ ᠭᠡᠬᠦ ᠦᠰᠦᠭ ᠢ ᠲᠤᠳᠤᠷᠬᠠᠶᠢᠯᠠᠭᠠᠷᠠᠢ᠃     ᠲᠠᠪᠤ᠂ ᠲᠥᠷᠥᠯ ᠵᠦᠢᠯ ᠤᠨ ᠬᠡᠷᠡᠭᠯᠡᠯᠲᠡ     ᠴᠤᠬᠯᠠᠭᠤᠯᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠴᠤᠭᠯᠠᠭᠤᠯᠵᠤ ᠣᠯᠣᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠰᠠᠨᠠᠭᠤᠯᠭ᠎ᠠ ᠶᠢ ᠰᠢᠯᠢᠨ ᠰᠣᠩᠭᠤᠬᠤ᠂ ᠲᠥᠷᠥᠯ ᠬᠤᠪᠢᠶᠠᠬᠤ ᠪᠠ ᠬᠤᠷᠢᠶᠠᠩᠭᠤᠶᠢᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠰᠤᠳᠤᠯᠬᠤ ᠶᠢᠨ ᠬᠠᠮᠲᠤ ᠬᠡᠰᠡᠭ ᠠᠷᠠᠳ ᠣᠯᠠᠨ ᠤ ᠲᠤᠰᠬᠠᠯ ᠬᠠᠮᠤᠭ ᠤᠨ ᠲᠥᠪᠯᠡᠷᠡᠩᠭᠦᠢ᠂ ᠬᠠᠮᠤᠭ ᠤᠨ ᠴᠢᠩᠭ᠎ᠠ᠂ ᠬᠠᠮᠤᠭ ᠤᠨ ᠲᠤᠯᠭᠠᠮ᠎ᠠ ᠰᠢᠢᠳᠪᠦᠷᠢᠯᠡᠬᠦ ᠴᠢᠬᠤᠯᠠᠲᠠᠢ ᠵᠢᠱᠢᠭᠳᠡᠭᠴᠢ ᠶᠢᠨ ᠵᠦᠢᠯᠡᠰ ᠢ ᠰᠣᠩᠭᠤᠵᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠪᠢᠯᠧᠲ ᠰᠣᠩᠭᠤᠨ ᠲᠣᠭᠲᠠᠭᠠᠯᠭᠠᠵᠤ᠂ ᠡᠴᠦᠰ ᠤᠨ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠪᠦᠷᠢᠯᠳᠦᠭᠦᠯᠦᠨ᠎ᠡ᠃    ᠥᠷᠭᠡᠨ ᠤᠯᠠᠨ ᠬᠤᠳᠠ ᠶᠢᠨ ᠠᠷᠠᠳ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ ᠢᠳᠡᠪᠬᠢᠲᠡᠢ ᠣᠷᠣᠯᠴᠠᠵᠤ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠪᠠᠶᠠᠷᠯᠠᠨ ᠤᠭᠲᠤᠵᠤ ᠪᠠᠶᠢᠨ᠎ᠠ᠃             ᠹᠧᠩᠵᠧᠨ ᠬᠤᠲᠠ ᠶᠢᠨ ᠠᠷᠠᠳ ᠤᠨ ᠵᠠᠰᠠᠭ ᠤᠨ ᠵᠠᠰᠠᠭ ᠤᠨ ᠤᠷᠳᠤᠨ ᠤ ᠠᠯᠪᠠᠨ ᠭᠡᠷ                          2024 ᠣᠨ ᠤ 11 ᠰᠠᠷ᠎ᠠ ᠶᠢᠨ 14 ᠤ ᠡᠳᠦᠷ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3