| ᠲᠦᠷᠦᠭᠦᠬᠡᠨ᠂ ᠥᠪᠥᠷ ᠮᠣᠩᠭᠤᠯ ᠤᠨ ᠰᠠᠨ ᠠᠢ ᠹᠦ᠋ ᠸᠠᠨ ᠬᠤᠤ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ | ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠳᠠᠩ ᠵᠦᠢᠯ ᠤᠨ ᠮᠠᠩᠯᠠᠢ ᠪᠠᠷ | ᠦᠨᠡᠯᠡᠭᠳᠡᠵᠦ᠂ ᠤᠯᠠᠭᠠᠨᠴᠠᠪ ᠤᠨ ᠠᠩᠬᠠᠳᠠᠭᠴᠢ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠪᠣᠯᠤᠭᠰᠠᠨ ᠨᠢ | ᠠᠵᠤ ᠠᠬᠤᠶᠢᠯᠠᠯ ᠤᠨ ᠲᠣᠰ ᠪᠡᠶ᠎ᠡ ᠶᠢᠨ ᠪᠣᠳᠠᠲᠤ ᠬᠦᠴᠦᠨ ᠤ ᠨᠤᠲᠠᠯᠠᠯᠲᠠ ᠪᠣᠯᠬᠤ ᠪᠠᠷ ᠪᠠᠷᠠᠬᠤ ᠦᠭᠡᠢ᠂ ᠨᠠᠩ ᠴᠤ | ᠮᠠᠨ ᠤ ᠬᠤᠲᠠ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠴᠢᠬᠤᠯᠠ ᠬᠥᠰᠢᠶ᠎ᠡ ᠲᠡᠮᠳᠡᠭ ᠪᠣᠯᠵᠤ᠂ ᠨᠠᠩ | ᠣᠯᠠᠨ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠲᠠᠰ ᠳᠡᠪᠰᠢᠬᠦ | ᠤᠷᠤᠰᠬᠠᠯ ᠳᠤ ᠣᠷᠣᠯᠴᠠᠬᠤ ᠶᠢ ᠵᠣᠷᠢᠭᠵᠢᠭᠤᠯᠵᠤ᠂ ᠦᠢᠯᠡᠳᠬᠦ ᠦᠢᠯᠡᠰ ᠤᠨ ᠨᠠᠩ ᠥᠨᠳᠥᠷ ᠲᠦᠪᠰᠢᠨ ᠳᠠᠰᠢ | ᠤᠷᠤᠭᠰᠢᠯᠠᠬᠤ ᠶᠢ ᠬᠠᠮᠲᠤ ᠪᠠᠷ ᠲᠦᠯᠬᠢᠨ ᠠᠬᠢᠭᠤᠯᠬᠤ ᠪᠣᠯᠣᠨ᠎ᠠ᠃ | | | | | | ᠥᠪᠥᠷ ᠮᠣᠩᠭᠤᠯ ᠤᠨ ᠰᠠᠨ ᠠᠢ ᠹᠦ᠋ ᠸᠠᠨ ᠬᠤᠤ ᠹᠯᠤᠷᠲᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠪᠠᠶᠢᠵᠤ᠂ ᠺᠣᠮᠫᠠᠨᠢ ᠪᠠᠶᠢᠭᠤᠯᠤᠭᠳᠠᠭᠰᠠᠨ ᠠᠴᠠ ᠤᠳᠤ ᠪᠣᠯᠲᠠᠯ᠎ᠠ ᠪᠥᠭᠡᠭᠡᠨᠡᠷᠡᠯ ᠬᠡᠯᠪᠡᠶᠢᠭᠦᠦ ᠹᠯᠣᠷ ᠤᠨ | ᠡᠲ᠋ᠧᠨ ︵PVDF︶ ᠤ ᠦᠢᠯᠡᠳᠬᠦᠨ ᠢ 20 ᠰᠢᠬᠠᠮ ᠵᠢᠯ ᠦᠢᠯᠡᠳᠪᠦᠷᠢᠯᠡᠵᠦ᠂ ᠦᠢᠯᠡᠳᠬᠦ ᠦᠢᠯᠡᠰ ᠤᠨ ᠲᠠᠩ | ᠲᠦᠷᠦᠯ ᠤᠨ ᠮᠠᠩᠯᠠᠢ ᠶᠢᠨ ᠳᠡᠮᠵᠢᠯᠭᠡ ᠶᠢ ᠣᠯᠣᠭᠰᠠᠨ ᠰᠢᠨ᠎ᠡ ᠮᠠᠲ᠋ᠧᠷᠢᠶᠠᠯ ᠤᠨ ᠭᠤᠣᠯᠳᠠᠯᠭ᠎ᠠ ᠲᠠᠢ ᠬᠦᠷᠢᠶᠡᠨ ᠳᠤ | ᠬᠠᠷᠢᠶᠠᠯᠠᠭᠳᠠᠨ᠎ᠠ᠃ ᠣᠶᠢᠷ᠎ᠠ ᠶᠢᠨ ᠵᠢᠯ ᠤᠳ ᠲᠤ ᠤᠷᠢᠳ ᠬᠤᠵᠢᠳ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ | ᠪᠠᠭ᠎ᠠ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠵᠢᠴᠢ ᠰᠢᠨᠵᠢᠯᠡᠬᠦ | ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠵᠡᠷᠭᠡ ᠢᠷᠠᠭᠤ ᠠᠯᠳᠠᠷ ᠤᠨ ᠴᠣᠯᠠ ᠪᠠᠷ ᠦᠨᠡᠯᠡᠭᠳᠡᠵᠦ᠂ | ᠡᠯ᠎ᠡ ᠲᠦᠷᠦᠯ ᠤᠨ 39 ᠵᠦᠢᠯ ᠤᠨ ᠪᠠᠷᠢᠮᠵᠢᠶ᠎ᠠ ᠶᠢ ᠡᠷᠬᠢᠯᠡᠭᠰᠡᠡ ᠪᠤᠶᠤ ᠲᠤᠭᠤᠷᠪᠢᠬᠤ ᠳᠤ ᠣᠷᠣᠯᠴᠠᠵᠤ᠂ 15 | ᠵᠦᠢᠯ ᠤᠨ ᠭᠤᠣᠯᠯᠠᠭᠴᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠪᠤᠯᠪᠠ᠃ | | ᠣᠶᠢᠷ᠎ᠠ ᠶᠢᠨ ᠵᠢᠯ ᠠᠴᠠ ᠨᠠᠭᠠᠰᠢ᠂ ᠬᠤᠳᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠠᠵᠤ | ᠠᠬᠤᠶᠢᠯᠠᠯ ᠤᠨ ᠲᠤᠰᠬᠠᠢ ᠨᠠᠷᠢᠯᠢᠭ ᠣᠨᠴᠠ ᠰᠢᠨ᠎ᠡ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ | ᠦᠢᠯᠡᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠡᠯᠡ ᠮᠥᠩᠭᠦ ᠪᠠᠷ ᠲᠡᠳᠬᠦᠬᠦ ᠵᠡᠷᠭᠡ ᠲᠠᠯ᠎ᠠ ᠶᠢ | ᠬᠠᠮᠤᠷᠤᠭᠰᠠᠨ ᠠᠯᠢ ᠤᠯᠠᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠨᠡᠶᠢᠲᠡᠯᠡᠵᠦ᠂ ᠠᠵᠤ ᠠᠬᠤᠶᠢᠯᠠᠯ ᠲᠠᠢ | ᠨᠢᠭᠲᠠ ᠬᠠᠮᠲᠤᠷᠠᠯᠴᠠᠵᠤ᠂ ᠦᠢᠯᠡᠳᠬᠦ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ | ᠬᠥᠭᠵᠢᠯᠲᠡ ᠲᠡᠰᠢ ᠬᠥᠭᠵᠢᠬᠦ ᠶᠢ ᠠᠬᠢᠭᠤᠯᠪᠠ᠃ ᠣᠳᠣᠬᠠᠨ ᠳᠤ᠂ ᠮᠠᠨ ᠤ ᠬᠤᠲᠠ ᠳᠤ ᠨᠡᠶᠢᠲᠡ 5 ᠰᠢᠨ᠎ᠡ ᠶᠢ | ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 13 ᠲᠤᠰᠬᠠᠢ ᠨᠠᠷᠢᠯᠢᠭ ᠣᠨᠴᠠ ᠰᠢᠨ᠎ᠡ ᠳᠤᠮᠳᠠ | ᠵᠢᠵᠢᠭ ᠠᠵᠤ ᠠᠬᠤᠶᠢᠯᠠᠯ ᠪᠣᠶ᠂ ᠡᠭᠦᠨ ᠳᠤ ᠥᠪᠥᠷ ᠮᠣᠩᠭᠤᠯ ᠤᠨ ᠰᠠᠨ ᠠᠢ ᠹᠦ᠋ ᠸᠠᠨ ᠬᠤᠸ ᠹᠯᠤᠷᠲᠤ ᠬᠢᠮᠢ ᠶᠢᠨ | ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠨᠢ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ | ᠠᠬᠤᠶᠢᠯᠠᠯ ᠪᠣᠯᠭᠠᠨ ᠪᠣᠶᠢᠵᠢᠭᠤᠯᠤᠭᠰᠠᠨ ᠰᠠᠭᠤᠷᠢᠨ ᠳᠡᠭᠡᠷ᠎ᠡ᠂ 2024 ᠣᠨ ᠤ 10 ᠰᠠᠷ᠎ᠠ ᠳᠤ ᠤᠯᠠᠭᠠᠨᠴᠠᠪ | ᠬᠤᠲᠠ ᠶᠢᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠠᠩ ᠵᠦᠢᠯ ᠤᠨ ᠮᠠᠩᠯᠠᠢ ᠪᠠᠷ | ᠠᠮᠵᠢᠯᠲᠠ ᠲᠠᠢ ᠦᠨᠡᠯᠡᠭᠳᠡᠪᠡ᠃ | | | | ᠵᠣᠬᠢᠶᠠᠭᠴᠢ᠄ ᠭᠦᠸᠧ ᠬᠤᠶ ᠮᠢᠨ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |