| 11 ᠰᠠᠷ᠎ᠠ ᠶᠢᠨ 21 ᠤ ᠡᠳᠦᠷ᠂ ᠮᠠᠨ ᠤ ᠬᠤᠲᠠ ᠶᠢᠨ ᠬᠢᠨ ᠱᠠᠰᠢᠨ ᠰᠤᠷᠲᠠᠬᠤᠨ ᠤ ᠠᠵᠢᠯ ᠤᠨ ᠰᠢᠶᠠᠨ | ᠰᠢᠶᠠᠩ ᠲᠤᠰᠬᠤᠨ ᠭᠤᠷᠪᠠᠨ ᠱᠠᠳᠤᠨ ᠤ ᠰᠦᠯᠵᠢᠶ᠎ᠡ ᠪᠠ ᠰᠢᠶᠠᠩ ᠲᠤᠰᠬᠤᠨ ᠬᠤᠶᠠᠷ ᠱᠠᠳᠤᠨ ᠤ | ᠬᠠᠷᠢᠭᠤᠴᠠᠯᠭ᠎ᠠ ᠶᠢᠨ ᠳᠦᠷᠢᠮ ᠵᠢᠴᠢ ︽ᠭᠤᠷᠪᠠᠨ ᠡᠩᠨᠡᠭᠡ︾ ᠶᠢᠨ ᠪᠤᠯᠪᠠᠰᠤᠷᠠᠭᠤᠯᠤᠯ ᠤᠨ ᠠᠩᠭᠢ ᠡᠷᠬᠢᠯᠡᠪᠡ᠃ | | ᠠᠩᠭᠢ ᠡᠬᠢᠯᠡᠬᠦ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ | ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠵᠢᠯ ᠤᠨ ᠳᠠᠶᠢᠴᠢᠯᠠᠯᠲᠠ ᠬᠢᠵᠦ᠂ ᠪᠣᠯᠪᠠᠰᠤᠷᠠᠭᠤᠯᠤᠯ ᠤᠨ ᠠᠵᠢᠯ ᠳᠤ | ᠪᠣᠳᠠᠲᠠᠢ ᠱᠠᠭᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ | ᠹᠷᠣᠨᠲ ᠤᠨ ᠬᠡᠯᠲᠡᠰ ᠤᠨ ᠱᠠᠰᠢᠨ ᠰᠤᠷᠲᠠᠬᠤᠨ ᠤ ᠠᠵᠢᠯ ᠤᠨ ᠬᠠᠮᠢᠶ᠎ᠠ ᠪᠦᠬᠦᠢ ᠺᠠᠳ᠋ᠷᠴᠤᠳ ᠢ ᠤᠨᠴᠠ ᠤᠷᠢᠵᠤ ᠨᠠᠮ | ᠪᠣᠯᠣᠨ ᠤᠯᠤᠰ ᠤᠨ ᠠᠵᠢᠯ ᠤᠨ ᠪᠦᠬᠦ ᠲᠠᠯ᠎ᠠ ᠳᠠᠬᠢ ᠱᠠᠰᠢᠨ ᠰᠤᠷᠲᠠᠬᠤᠨ ᠤ ᠠᠵᠢᠯ ᠤᠨ ᠴᠢᠬᠤᠯᠠ ᠴᠢᠨᠠᠷ᠂ ᠱᠠᠰᠢᠨ | ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠥᠷᠢᠰᠦᠯᠳᠦᠭᠡᠨ᠂ ᠰᠢᠨ᠎ᠡ ᠴᠠᠭ ᠦᠶ᠎ᠡ ᠶᠢᠨ | ᠨᠠᠮ ᠤᠨ ᠱᠠᠰᠢᠨ ᠰᠤᠷᠲᠠᠬᠤᠨ ᠤ ᠠᠵᠢᠯ ᠤᠨ ᠭᠤᠣᠯᠳᠠᠯᠭ᠎ᠠ ᠲᠠᠢ ᠡᠭᠦᠷᠭᠡ᠂ ᠨᠠᠮ ᠤᠨ ᠱᠠᠰᠢᠨ ᠰᠤᠷᠲᠠᠬᠤᠨ ᠤ | ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠳᠦᠷᠪᠡᠨ ᠲᠠᠯ᠎ᠠ ᠶᠢᠨ ᠲᠤᠭᠤᠷᠢᠨ ᠳᠤ | ᠲᠤᠰᠬᠠᠢ ᠰᠡᠳᠦᠪ ᠢᠶᠠᠷ ᠬᠢᠴᠢᠶᠡᠯᠯᠡᠬᠦᠯᠪᠡ᠃ | ᠪᠤᠯᠪᠠᠰᠤᠷᠠᠭᠤᠯᠤᠯ ᠤᠨ ᠠᠩᠭᠢ ᠶᠢᠨ ᠵᠤᠷᠢᠯᠭ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ | ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ | ᠰᠢᠵᠢᠮ ᠪᠣᠯᠭᠠᠵᠤ᠂ ᠱᠠᠰᠢᠨ ᠰᠤᠷᠲᠠᠬᠤᠨ ᠤ ᠺᠠᠳ᠋ᠷ ᠤᠨ ᠬᠠᠤᠯᠢ ᠶᠣᠰᠣᠭᠠᠷ ᠱᠠᠰᠢᠨ ᠰᠤᠷᠲᠠᠬᠤᠨ ᠤ ᠬᠡᠷᠡᠭ | ᠶᠠᠪᠤᠳᠠᠯ ᠢ ᠬᠠᠮᠢᠶᠠᠷᠬᠤ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ | ᠬᠤᠳᠠ ᠶᠢᠨ ᠱᠠᠰᠢᠨ ᠰᠤᠷᠲᠠᠬᠤᠨ ᠤ ᠠᠵᠢᠯ ᠤᠨ ᠭᠤᠷᠪᠠᠳᠤᠭᠠᠷ ᠳᠡᠰ ᠤᠨ ᠰᠦᠯᠵᠢᠶᠡᠨ ᠤ ᠬᠤᠶᠠᠳᠤᠭᠠᠷ ᠳᠡᠰ ᠤᠨ | ᠬᠠᠷᠢᠭᠤᠴᠠᠯᠭ᠎ᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ ︽ᠭᠤᠷᠪᠠᠨ | ᠡᠩᠨᠡᠭᠡ︾ ᠶᠢᠨ ᠠᠵᠢᠯ ᠤᠨ ᠴᠢᠳᠠᠪᠤᠷᠢ ᠶᠢ ᠨᠡᠮᠡᠭᠳᠡᠭᠦᠯᠬᠦ ᠪᠤᠯᠤᠨ᠎ᠠ᠃ ᠲᠤᠰ ᠤᠳᠠᠭᠠᠨ ᠤ ᠪᠤᠯᠪᠠᠰᠤᠷᠠᠭᠤᠯᠤᠯ ᠤᠨ | ᠠᠩᠭᠢ ᠬᠤᠶᠠᠷ ᠡᠳᠦᠷ ᠤᠨ ᠬᠤᠭᠤᠴᠠᠭ᠎ᠠ ᠲᠠᠢ᠃ | | | ᠵᠣᠬᠢᠶᠠᠭᠴᠢ᠄ ᠵᠢᠶᠠ ᠯᠢ ᠵᠢᠶᠠ ᠷᠠᠨ ᠲᠦᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |