| ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠬᠤᠳᠠ ᠶᠢᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠬᠢᠨ ᠰᠢᠯᠢᠳᠡᠭ ᠬᠦᠴᠦᠨ ᠢ ᠵᠣᠬᠢᠶᠠᠨ ᠪᠠᠶᠢᠭᠤᠯᠵᠤ | ᠲᠠᠷᠢᠶᠠᠨ ᠭᠠᠵᠠᠷ ᠤᠨ ᠪᠠᠭᠤᠷᠢ ᠶᠢ ᠪᠠᠶᠢᠴᠠᠭᠠᠬᠤ ᠵᠡᠷᠭᠡ ᠬᠠᠮᠢᠶ᠎ᠠ ᠪᠦᠬᠦᠢ ᠠᠵᠢᠯ ᠢ ᠦᠷᠨᠢᠭᠦᠯᠪᠡ᠃ | | ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ᠂ ᠬᠤᠲᠠ ᠶᠢᠨ ᠳᠥᠷᠪᠡᠳᠦᠭᠡᠷ ᠤᠳᠠᠭᠠᠨ ᠤ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯᠯᠠᠬᠤ ᠠᠩᠭᠢ ᠶᠢᠨ ᠬᠢᠨ ᠤᠷᠢᠳ ᠬᠤᠵᠢᠳ ᠯᠦᠩ | ᠱᠧᠩ ᠵᠤᠸᠠᠩ᠂ ᠨᠠᠨ ᠭᠧ᠂ ᠵᠢᠦ ᠳ᠋ᠦᠨ ᠭᠧᠦ ᠵᠡᠷᠭᠡ ᠭᠠᠵᠠᠷ ᠲᠤ ᠬᠦᠷᠴᠦ᠂ ᠵᠢᠯᠣᠭᠤᠴᠢ ᠦᠭᠡᠢ ᠨᠢᠰᠬᠡᠯ᠂ ᠬᠡᠷᠡᠯ | ᠵᠢᠷᠤᠭ ᠤᠨ ᠮᠠᠰᠢᠨ᠂ ᠬᠡᠮᠵᠢᠯᠲᠡ ᠶᠢᠨ ᠲᠥᠬᠦᠭᠡᠷᠦᠮᠵᠢ ᠵᠡᠷᠭᠡ ᠪᠠᠭᠠᠵᠢ ᠬᠡᠷᠡᠭᠰᠡᠯ ᠢ ᠠᠰᠢᠭᠯᠠᠨ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠴᠡᠭ ᠲᠤ ᠨᠠᠷᠢᠯᠢᠭ ᠬᠡᠮᠵᠢᠯᠲᠡ ᠪᠠ ᠨᠠᠷᠢᠨ ᠲᠡᠮᠳᠡᠭᠯᠡᠯ ᠬᠢᠬᠦ ᠶᠢᠨ ᠬᠠᠮᠳᠤ᠂ ᠠᠵᠢᠯᠲᠠᠳ | ᠨᠡᠶᠢᠳᠡᠮ ᠪᠠᠶᠢᠴᠠᠭᠠᠯᠲᠠ ᠶᠢᠨ ᠳᠤᠮᠳᠠ ᠪᠠᠰᠠ ᠭᠠᠴᠠᠭᠠᠨ ᠤ ᠠᠷᠠᠳ ᠲᠤ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠬᠢᠵᠦ᠂ | ᠲᠡᠳᠡᠨ ᠳᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ | ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠪᠡ᠃ | | ᠲᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠲᠥᠪ ᠤᠨ ᠬᠢᠨ ᠳᠡᠭᠡᠳᠦ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠵᠢᠴᠢ ᠮᠠᠨ ᠤ ᠬᠤᠲᠠ ᠶᠢᠨ | ᠪᠣᠳᠠᠲᠠᠢ ᠲᠣᠬᠢᠷᠠᠭᠤᠯᠤᠯᠲᠠ ᠶᠣᠰᠣᠭᠠᠷ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠴᠡᠭ ᠤᠨ ᠬᠠᠮᠢᠶᠠᠷᠤᠯᠲᠠ | ᠬᠠᠮᠠᠭᠠᠯᠠᠯᠲᠠ᠂ ᠦᠷᠳᠡᠭ ᠢ ᠠᠭᠤᠳᠠᠯᠬᠤ᠂ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠠᠵᠢᠯ ᠢ ᠦᠷᠭᠦᠯᠵᠢᠯᠡᠨ | ᠴᠢᠩᠭᠠᠳᠬᠠᠬᠤ ᠶᠢᠨ ᠬᠠᠮᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠤᠬᠠᠭᠤᠯᠭ᠎ᠠ ᠬᠠᠮᠠᠭᠠᠯᠠᠯᠲᠠ ᠶᠢᠨ ᠡᠷᠴᠢᠮ ᠢ ᠭᠦᠨᠵᠡᠭᠡᠶᠢᠷᠡᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ | ᠠᠬᠢᠭᠤᠯᠬᠤ᠂ ᠰᠤᠶᠤᠯᠲᠤ ᠹᠧᠩᠵᠧᠨ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |