| ᠠᠩᠬᠠᠨ ᠤ ᠴᠠᠰᠤ ᠬᠠᠯᠢᠨ ᠰᠠᠭᠠᠳᠤᠬᠤ ᠳᠤ᠂ ᠡᠬᠡ ᠳᠡᠯᠡᠬᠡᠢ ᠮᠦᠩᠭᠦᠨ ᠴᠠᠭᠠᠨ ᠬᠤᠪᠴᠠᠰᠦ ᠪᠠᠨ ᠬᠠᠯᠠᠯ᠎ᠠ᠃ | 11 ᠰᠠᠷ᠎ᠠ ᠶᠢᠨ 25 ᠤ ᠡᠳᠦᠷ᠂ ᠮᠠᠨ ᠤ ᠬᠤᠲᠠ ᠳᠤ ᠦᠷᠭᠦᠯᠵᠢᠯᠡᠨ ᠴᠠᠰᠤ ᠣᠷᠣᠵᠤ᠂ ᠬᠤᠲᠠ ᠶᠢᠨ ᠠᠷᠠᠳ ᠤᠨ | ᠶᠠᠪᠤᠵᠤ ᠰᠠᠭᠤᠬᠤ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠳᠤ ᠪᠠᠭ᠎ᠠ ᠪᠤᠰᠤ ᠨᠥᠯᠥᠭᠡ ᠦᠵᠡᠭᠦᠯᠵᠦ᠂ | ᠹᠧᠩᠴᠤᠸᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠢᠨ | ᠬᠦᠮᠦᠨ ᠤ ᠬᠦᠴᠦ ᠶᠢ ᠵᠣᠬᠢᠶᠠᠨ ᠪᠠᠶᠢᠭᠤᠯᠵᠤ᠂ ᠴᠠᠰᠤ ᠮᠥᠰᠥ ᠶᠢ ᠠᠷᠢᠯᠭᠠᠬᠤ ᠠᠵᠢᠯ ᠢ ᠦᠳᠲᠡᠷ ᠲᠦᠷᠭᠡᠨ | ᠥᠷᠨᠢᠭᠦᠯᠪᠡ᠃ | | ᠠᠭᠠᠷ ᠤᠨ ᠳᠤᠯᠠᠭᠠᠨ ᠨᠡᠯᠢᠶᠡᠳ ᠳᠣᠣᠷ᠎ᠠ᠂ ᠭᠠᠵᠠᠷ ᠤᠨ ᠭᠠᠳᠠᠷᠭᠤ ᠳᠤ ᠬᠤᠷᠠᠭᠰᠠᠨ ᠴᠠᠰᠤ ᠬᠥᠯᠳᠡᠬᠦ ᠪᠠᠶᠢᠳᠠᠯ | ᠭᠠᠷᠤᠭᠰᠠᠨ ᠠᠴᠠ ᠹᠧᠩᠴᠤᠸᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠬᠢᠨ ᠬᠦᠮᠦᠨ ᠤ ᠬᠦᠴᠦ ᠪᠤᠯᠤᠨ ᠮᠠᠰᠢᠨ ᠲᠡᠷᠭᠡ ᠶᠢ ᠵᠣᠬᠢᠶᠠᠨ ᠪᠠᠶᠢᠭᠤᠯᠵᠤ᠂ ᠬᠤᠳᠠ ᠶᠢᠨ | ᠲᠣᠭᠤᠷᠢᠭ ᠤᠨ ᠶᠢᠩ ᠪᠢᠨ ᠶᠡᠭᠡ ᠵᠡᠭᠡᠯᠢ ᠶᠢᠨ ᠭᠤᠣᠯ ᠳᠡᠳ᠋ ᠵᠠᠮ᠂ ᠲᠣᠨᠣᠯᠵᠢᠨ ᠵᠠᠮ᠂ ᠰᠤᠷᠭᠠᠭᠤᠯᠢ ᠶᠢᠨ ᠡᠷᠬᠢᠨ | ᠲᠣᠭᠤᠷᠢᠨ ᠤ ᠵᠠᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠴᠠᠰᠤ ᠬᠠᠶᠢᠯᠤᠭᠤᠯᠬᠤ ᠡᠳ᠋ ᠰᠠᠴᠤᠵᠤ᠂ ᠮᠥᠰᠥ | ᠴᠠᠰᠤᠨ ᠤ ᠴᠠᠷᠴᠠᠬᠤ ᠴᠡᠭ ᠢ ᠪᠦᠲᠦᠮᠵᠢᠲᠡᠢ ᠪᠠᠭᠤᠷᠠᠭᠤᠯᠵᠤ᠂ ᠵᠠᠮ ᠳᠡᠭᠡᠷ᠎ᠡ ᠮᠥᠰᠥ ᠬᠥᠯᠳᠡᠬᠦ ᠠᠴᠠ ᠰᠡᠷᠭᠡᠶᠢᠯᠡᠪᠡ᠃ | | | | | | | ᠵᠠᠯᠭᠠᠭᠠᠳ ᠹᠧᠩᠴᠤᠸᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠬᠢᠨ ᠴᠠᠰᠤᠨ ᠤ ᠪᠠᠶᠢᠳᠠᠯ ᠢ ᠦᠷᠭᠦᠯᠵᠢᠯᠡᠨ ᠠᠩᠬᠠᠷᠴᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ | ᠴᠠᠰᠤ ᠮᠥᠰᠥ ᠶᠢ ᠴᠡᠪᠡᠷᠯᠡᠨ ᠬᠤᠷᠢᠶᠠᠵᠤ᠂ ᠡᠪᠦᠯ ᠤᠨ ᠤᠯᠠᠷᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠪᠡ᠃ | | | | ᠵᠣᠬᠢᠶᠠᠭᠴᠢ᠄ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |