ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ 2024 ᠣᠨ ᠤ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/11/26
   11 ᠰᠠᠷ᠎ᠠ ᠶᠢᠨ 22 ᠤᠨ ᠡᠳᠦᠷ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ ᠵᠢᠦᠢ ᠪᠦᠦ ᠵᠤᠸᠠᠩ ᠪᠠᠯᠭᠠᠰᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠤᠨ 512 ᠤᠯᠤᠰ ᠤᠨ ᠵᠠᠮ ᠤᠨ ᠬᠠᠵᠠᠭᠤ ᠳᠤ 2024 ᠣᠨ ᠤ ᠨᠠᠮᠤᠷ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
   ᠲᠣᠰ ᠤᠳᠠᠭᠠᠨ ᠤ ᠰᠣᠷᠢᠯᠲᠠ ᠳᠤ ᠹᠧᠩᠵᠧᠨ ᠬᠤᠲᠠ ᠶᠢᠨ ᠵᠢᠦᠢ ᠪᠦᠦ ᠵᠤᠸᠠᠩ ᠪᠠᠯᠭᠠᠰᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠤᠨ 512 ᠤᠯᠤᠰ ᠤᠨ ᠵᠠᠮ ᠤᠨ ᠬᠠᠵᠠᠭᠤ ᠳᠠᠬᠢ ᠨᠠᠰᠢ ᠴᠠᠰᠢ ᠥᠩᠭᠡᠷᠡᠬᠦ ᠮᠠᠰᠢᠨ ᠲᠡᠷᠭᠡ ᠠᠴᠠ ᠲᠠᠳᠠᠬᠰᠠᠨ ᠲᠠᠮᠠᠬᠢ ᠪᠠᠨ ᠳᠤᠷ᠎ᠠ ᠪᠠᠷ ᠢᠶᠠᠨ ᠰᠢᠳᠡᠭᠡᠳ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠡᠭᠦᠰᠬᠡᠭᠰᠡᠨ ᠢᠶᠠᠷ ᠳᠠᠭᠤᠷᠢᠶᠠᠯᠲᠠ ᠪᠤᠯᠭᠠᠪᠠ᠃ ᠰᠣᠷᠢᠯᠲᠠ ᠶᠢ ᠪᠡᠯᠡᠳᠬᠡᠵᠦ ᠳᠠᠭᠤᠰᠤᠭᠰᠠᠨ ᠤ ᠳᠠᠷᠠᠭ᠎ᠠ᠂ ᠳᠠᠭᠤᠷᠢᠶᠠᠮᠠᠯ ᠭᠠᠯ ᠤᠨ ᠡᠬᠢ ᠡᠭᠦᠰᠪᠦᠷᠢ ᠶᠢᠨ ᠪᠣᠶ ᠪᠣᠯᠬᠤ ᠶᠢ ᠳᠠᠭᠠᠯᠳᠤᠨ᠂ ᠭᠠᠯ ᠤᠨᠲᠠᠷᠠᠭᠠᠬᠤ ᠠᠩᠭᠢ ᠶᠢᠨ ᠬᠢᠨ ᠲᠡᠷᠡ ᠳᠠᠷᠤᠢ ᠳᠤᠨᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢᠶᠠᠨ ᠡᠬᠢᠯᠡᠭᠦᠯᠵᠦ᠂ ᠦᠳᠲᠡᠷ ᠲᠦᠷᠭᠡᠨ ᠴᠤᠭᠯᠠᠷᠠᠬᠤ ᠶᠢᠨ ᠬᠠᠮᠲᠤ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠲᠥᠬᠦᠭᠡᠷᠦᠮᠵᠢ ᠪᠠᠷ ᠭᠠᠯ ᠤᠨᠲᠠᠷᠠᠭᠠᠵᠤ ᠪᠠᠴᠢᠮ ᠠᠪᠤᠷᠠᠬᠤ ᠠᠵᠢᠯ ᠢ ᠥᠷᠨᠢᠭᠦᠯᠪᠡ᠃ ᠠᠩᠭᠢ ᠶᠢᠨ ᠭᠡᠰᠢᠭᠦᠳ ᠤᠨ ᠠᠵᠢᠯ ᠤᠨ ᠬᠤᠪᠢᠶᠠᠷᠢᠯᠠᠯ ᠨᠢ ᠲᠣᠳᠣᠷᠬᠠᠢ᠂ ᠠᠵᠢᠯᠯᠠᠭ᠎ᠠ ᠨᠢ ᠲᠦᠷᠭᠡᠨ᠂ ᠨᠢᠭᠲᠠ ᠬᠠᠮᠵᠢᠯᠴᠠᠨ᠂ ᠭᠠᠯ ᠤᠨ ᠪᠠᠶᠢᠳᠠᠯ ᠢ ᠦᠳᠲᠡᠷ ᠲᠦᠷᠭᠡᠨ ᠡᠵᠡᠮᠳᠡᠵᠦ᠂ ᠰᠢᠯᠢᠳᠡᠭ ᠰᠠᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠣᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠢᠯᠡᠷᠡᠭᠦᠯᠪᠡ᠃          ᠵᠣᠬᠢᠶᠠᠭᠴᠢ᠄ ᠶᠠᠨ ᠰᠢᠶᠠ ᠹᠧᠢ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3