︽ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ︾
ᠨᠡᠶᠢᠲᠡᠯᠡᠭᠰᠡᠨ ᠴᠠᠭ᠄
2024/11/26
          —— ᠹᠧᠩᠴᠤᠸᠠᠨ ᠤ ᠣᠷᠴᠢᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠹᠧᠩᠵᠧᠨ ᠤ ᠠᠵᠤ ᠦᠢᠯᠡᠰ ᠤᠨ ᠬᠦᠷᠢᠶᠡᠯᠡᠩ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠵᠦᠢᠯᠡᠰ ᠤᠨ ᠲᠣᠣᠷ ᠵᠠᠯᠭᠠᠬᠤ ᠢᠨᠵᠧᠨᠧᠷᠢᠩ ᠢ ᠠᠮᠵᠢᠯᠲᠠ ᠲᠠᠢ ᠪᠠᠷ ᠨᠡᠶᠢᠯᠡᠭᠦᠯᠪᠡ    ᠣᠶᠢᠷ᠎ᠠ ᠳᠤ᠂ ᠹᠧᠩᠴᠤᠸᠠᠨ ᠤ ᠣᠷᠴᠢᠯ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠹᠧᠩᠵᠧᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠲᠣᠣᠷ ᠵᠠᠯᠭᠠᠬᠤ ᠢᠨᠵᠧᠨᠧᠷᠢᠩ ︵110kV ᠴᠠᠩ ᠳ᠋ᠦᠩ ᠱᠤᠭᠤᠮ︶ ᠢ ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠪᠡ᠃ ᠡᠨᠡ ᠨᠢ ᠮᠠᠨ ᠤ ᠬᠤᠲᠠ ᠶᠢᠨ ᠬᠢᠨ ᠤ ᠪᠤᠬᠢᠷᠳᠤᠯ ᠦᠭᠡᠢ ᠡᠨᠧᠷᠭᠢ ᠶᠢᠨ ᠣᠷᠤᠯᠠᠭᠤᠯᠤᠯᠲᠠ ᠶᠢᠨ ᠬᠦᠷᠢᠶᠡᠨ ᠳᠤ ᠪᠠᠲᠤ ᠪᠠᠬᠢ ᠨᠢᠭᠡ ᠠᠯᠬᠤᠮ ᠢ ᠠᠯᠬᠤᠵᠤ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠬᠦ ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃
   ᠲᠤᠰ ᠲᠥᠷᠥᠯ ᠵᠦᠢᠯ ᠢ ᠤᠯᠠᠭᠠᠨᠴᠠᠪ ᠬᠤᠲᠠ ᠶᠢᠨ ᠡᠨᠧᠷᠭᠢ ᠶᠢᠨ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠵᠧᠵᠢᠶᠠᠩ ᠤᠨ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠨ ᠬᠠᠮᠲᠤᠷᠠᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠳᠠᠭᠠᠭᠠᠴᠠ ᠶᠢᠨ ᠲᠠᠯ᠎ᠠ ᠨᠢ ᠥᠪᠥᠷ ᠮᠣᠩᠭᠤᠯ ᠤᠨ ᠸᠠᠩ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠲᠦᠷᠦᠯ ᠵᠦᠢᠯ ᠪᠠᠶᠢᠵᠤ᠂ ᠨᠡᠶᠢᠲᠡ 4.49 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠹᠧᠩᠵᠧᠨ ᠬᠤᠲᠠ ᠶᠢᠨ ᠬᠤᠩ ᠱᠠ ᠪᠠ ᠪᠠᠯᠭᠠᠰᠤᠨ ᠳᠤ ᠪᠠᠶᠢᠷᠢᠯᠠᠵᠤ᠂ ᠭᠤᠣᠯᠳᠠᠭᠤ ᠲᠠᠪᠤᠨ ᠲᠦᠮᠡᠨ ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠭᠤᠷᠪᠠᠨ ᠲᠦᠮᠡᠨ ᠺᠢᠯᠣᠸᠠᠲ ᠤᠨ ᠭᠡᠷᠡᠯ ᠢᠶᠠᠷ ᠴᠠᠬᠢᠯᠭᠠᠨ ᠭᠠᠷᠭᠠᠬᠤ ᠴᠢᠳᠠᠪᠤᠷᠢ ᠲᠠᠢ ᠴᠡᠪᠡᠷ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ 110KV ᠬᠦᠴᠦᠳᠡᠯ ᠳᠡᠭᠡᠭᠰᠢᠯᠡᠭᠦᠯᠬᠦ ᠦᠷᠲᠡᠭᠡ ᠵᠢᠴᠢ ᠢᠵᠢ ᠪᠦᠷᠢᠳᠦᠭᠰᠡᠨ ᠴᠠᠬᠢᠯᠭᠠᠨ ᠬᠦᠷᠭᠡᠬᠦ ᠬᠡᠯᠬᠢᠶ᠎ᠡ ᠵᠡᠷᠭᠡ ᠵᠠᠩᠭᠢᠯᠠᠭ᠎ᠠ ᠶᠢᠨ ᠰᠠᠭᠤᠷᠢ ᠲᠥᠬᠦᠭᠡᠷᠦᠮᠵᠢ ᠶᠢ ᠲᠤᠬᠢᠷᠠᠭᠤᠯᠪᠠ᠃
   ᠥᠪᠥᠷ ᠮᠣᠩᠭᠤᠯ ᠤᠨ ᠸᠠᠩ ᠶᠤᠸᠠᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠢᠨ ᠲᠡᠮᠦᠷ ᠤᠨ ᠬᠠᠶᠢᠯᠤᠰᠢ ᠶᠢᠨ ᠪᠣᠷᠤᠯᠠᠭᠤᠯᠭ᠎ᠠ ᠪᠠ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠳᠤ ᠠᠩᠬᠠᠷᠤᠯ ᠢᠶᠠᠨ ᠲᠦᠪᠯᠡᠷᠡᠭᠦᠯᠪᠡ᠃ ᠲᠣᠰ ᠺᠣᠮᠫᠠᠨᠢ ᠶᠢᠨ ᠣᠳᠣᠬᠠᠨ ᠳᠤ ᠪᠣᠬᠢᠷᠲᠤᠯ ᠦᠭᠡᠢ ᠴᠠᠬᠢᠯᠭᠠᠨ ᠬᠦᠴᠦᠨ ᠤ ᠲᠣᠬᠢᠷᠠᠭᠤᠯᠤᠯᠲᠠ ᠶᠢᠨ ᠬᠠᠷᠢᠴᠠᠯ ᠨᠢᠭᠡᠨᠲᠡ 30% ᠳᠤ ᠬᠦᠷᠦᠭᠰᠡᠨ ᠪᠥᠭᠡᠳ ᠣᠷᠴᠢᠨ ᠠᠬᠤᠢ ᠶᠢ ᠬᠠᠮᠠᠭᠠᠯᠠᠵᠤ ᠡᠨᠧᠷᠭᠢ ᠠᠷᠪᠢᠯᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠷᠴᠢᠯᠲᠤ ᠠᠰᠢᠭᠯᠠᠯᠲᠠ ᠶᠢᠨ ᠠᠷᠭ᠎ᠠ ᠮᠠᠶ᠋ᠢᠭ ᠢᠶᠠᠷ ᠥᠨᠳᠥᠷ ᠨᠡᠮᠡᠯᠲᠡ ᠥᠷᠲᠡᠭᠲᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ ᠲᠦᠷᠦᠯ ᠵᠦᠢᠯ ᠨᠢ ᠠᠯᠢ ᠤᠯᠠᠨ ᠬᠤᠰᠢᠭᠤᠷᠠᠯ ᠮᠡᠷᠭᠡᠵᠢᠯ ᠢ ᠬᠡᠷᠡᠭᠯᠡᠪᠡ᠂ ᠵᠢᠱᠢᠶᠡᠯᠡᠪᠡᠯ ᠨᠡᠭᠦᠷᠡᠰᠦᠨ ᠬᠡᠢ ᠶᠢ ᠴᠡᠪᠡᠷᠰᠢᠭᠦᠯᠬᠦ᠂ ᠬᠡᠦᠷᠡᠰᠦ ᠶᠢ ᠬᠠᠲᠠᠭᠠᠬᠤ᠂ ᠵᠤᠤᠬᠠᠨ ᠤ ᠡᠮᠦᠨ᠎ᠡ ᠪᠠᠭᠯᠠᠬᠤ ᠵᠢᠴᠢ ᠤᠯᠤᠰ ᠤᠨ ᠳᠣᠲᠣᠭᠠᠳᠤ ᠳᠤ ᠲᠡᠷᠢᠭᠦᠯᠡᠵᠦ ᠪᠠᠶᠢᠭ᠎ᠠ ᠵᠤᠤᠬᠠᠨ ᠤ ᠡᠮᠦᠨ᠎ᠡ ᠲᠣᠭᠤᠰᠣ ᠠᠷᠢᠯᠭᠠᠬᠤ ᠰᠢᠰᠲ᠋ᠧᠮ ᠢ ᠬᠡᠷᠡᠭᠯᠡᠬᠦ ᠶᠢᠨ ᠬᠠᠮᠲᠤ ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ ᠶᠢ ᠨᠡᠶᠢᠳᠬᠡᠵᠦ᠂ ᠥᠨᠳᠥᠷ ᠶᠠᠰᠤ ᠴᠢᠨᠠᠷ ᠲᠠᠢ ᠾᠷᠣᠮ ᠤᠨ ᠰᠢᠰᠲ᠋ᠧᠮ ᠤᠨ ᠦᠢᠯᠡᠳᠪᠦᠷᠢᠯᠡᠯ ᠤᠨ ᠱᠤᠭᠤᠮ ᠢ ᠬᠠᠮᠲᠤ ᠪᠠᠷ ᠪᠦᠷᠢᠯᠳᠦᠭᠦᠯᠪᠡ᠃
   ᠪᠤᠬᠢᠷᠳᠤᠯ ᠦᠭᠡᠢ ᠡᠨᠧᠷᠭᠢ ᠪᠠᠷ ᠣᠷᠣᠯᠠᠭᠤᠯᠬᠤ ᠪᠠᠷ ᠳᠠᠮᠵᠢᠨ᠂ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠲᠦᠷᠦᠯ ᠵᠦᠢᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠭᠰᠠᠨ ᠢᠶᠠᠷ ᠪᠠᠷᠠᠬᠤ ᠦᠭᠡᠢ ᠪᠠᠰᠠ ᠡᠨᠧᠷᠭᠢ ᠶᠢᠨ ᠰᠤᠷᠪᠤᠯᠵᠢ ᠶᠢ ᠥᠨᠳᠥᠷ ᠪᠦᠲᠦᠮᠵᠢᠲᠡᠢ ᠠᠰᠢᠭᠯᠠᠬᠤ ᠪᠠ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠪᠡ᠃         ᠵᠣᠬᠢᠶᠠᠭᠴᠢ᠄ ᠶᠠᠨ ᠰᠢᠶᠠ ᠹᠧᠢ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3