| ᠬᠤᠲᠠ ᠶᠢᠨ ᠨᠠᠮ ᠤᠨ ᠬᠤᠷᠢᠶ᠎ᠠ ᠶᠢᠨ ᠰᠤᠳᠤᠯᠤᠨ ᠲᠤᠬᠳᠠᠭᠠᠬᠤ ᠪᠠᠷ ᠲᠠᠮᠵᠢᠨ᠂ ᠡᠳᠦᠭᠡ ᠳᠣᠣᠷᠠᠬᠢ ᠬᠤᠶᠠᠷ | ᠨᠥᠬᠦᠷ ᠢ ᠵᠠᠷᠯᠠᠨ ᠨᠡᠶᠢᠲᠡᠯᠡᠶ᠎ᠡ᠃ | ᠨᠢᠭᠡ᠂ ᠢᠯᠡ ᠨᠡᠶᠢᠲᠡᠯᠡᠬᠦ ᠨᠡᠷᠡᠰ | ᠸᠠᠩ ᠢᠦᠢ ᠪᠥᠸᠧ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 8 ᠰᠠᠷ᠎ᠠ ᠳᠤ ᠲᠦᠷᠦᠵᠠᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ | ᠤᠳᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠲᠠᠢ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠤᠢ︔ | ᠬᠥᠩ ᠬᠠᠶ ᠶᠠᠨ᠂ ᠡᠮᠡᠭᠲᠡᠶ᠂ ᠬᠢᠲᠠᠳ ᠦᠨᠳᠦᠰᠦᠲᠡᠨ᠂ 1980 ᠣᠨ ᠤ 10 ᠰᠠᠷ᠎ᠠ ᠳᠤ ᠳᠦᠷᠦᠵᠡᠶ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠵᠢᠯ ᠤᠨ ᠪᠠᠶᠢᠷᠢ ᠳᠡᠭᠡᠷᠡᠬᠢ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠲᠠᠷ ᠲᠠᠢ᠂ ᠣᠲᠣ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠲᠥᠪ ᠤᠨ ᠡᠷᠬᠢᠯᠡᠭᠴᠢ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ | ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃ | ᠬᠤᠶᠠᠷ᠂ ᠢᠯᠡ ᠨᠡᠶᠢᠲᠡᠯᠡᠬᠦ ᠴᠠᠭ | ᠵᠠᠷᠯᠠᠨ ᠨᠡᠶᠢᠲᠡᠯᠡᠬᠦ ᠴᠠᠭ ᠨᠢ 2024 ᠣᠨ ᠤ 10 ᠰᠠᠷ᠎ᠠ ᠶᠢᠨ 16 ᠤ ᠡᠳᠦᠷ ᠠᠴᠠ 2024 ᠣᠨ ᠤ 10 | ᠰᠠᠷ᠎ᠠ ᠶᠢᠨ 22 ᠤᠨ ᠡᠳᠦᠷ ᠪᠣᠯᠲᠠᠯ᠎ᠠ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ | ᠨᠢᠭᠡᠴᠡ ᠪᠣᠯᠤᠨ ᠬᠤᠪᠢ ᠬᠥᠮᠦᠨ ᠰᠤᠷᠪᠤᠯᠵᠢᠯᠠᠬᠤ ᠪᠠᠷ ᠢᠷᠡᠭᠰᠡᠨ᠂ ᠵᠠᠬᠢᠳᠠᠯ ᠢᠷᠡᠭᠦᠯᠦᠭᠰᠡᠨ᠂ ᠤᠲᠠᠰᠤ | ᠢᠷᠡᠭᠦᠯᠦᠭᠰᠡᠨ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ | ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ | ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ | ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ | ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ | ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠬᠦᠢᠴᠡᠳᠬᠡᠵᠦ᠂ ᠬᠢᠨᠠᠨ ᠬᠠᠷᠭᠤᠭᠤᠯᠤᠭᠰᠠᠨ | ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃ | ᠢᠯᠡᠴᠢᠯᠡᠨ ᠮᠡᠳᠡᠭᠦᠯᠦᠭᠰᠡᠨ ᠬᠦᠮᠦᠰ ᠢ ᠬᠦᠯᠢᠶᠡᠨ ᠠᠪᠴᠤ ᠰᠢᠢᠳᠪᠦᠷᠢᠯᠡᠬᠦ ᠠᠯᠪᠠᠨ ᠭᠡᠷ᠄ ᠹᠧᠩᠵᠧᠨ | ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ 5 ᠳ᠋ᠤᠭᠠᠷ ᠠᠰᠠᠷ ᠤᠨ ᠬᠤᠲᠠ ᠶᠢᠨ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ ᠤᠨ 526 ᠲᠠᠰᠤᠭ᠃ | ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00 | ᠦᠳᠡ ᠶᠢᠨ ᠬᠤᠶᠢᠨᠠᠬᠢ 2᠄ 30 — 6᠄ 00 | ᠬᠦᠯᠢᠶᠡᠨ ᠠᠪᠬᠤ ᠤᠲᠠᠰᠤ᠄ ︵0474︶ 12380 | ᠣᠨᠴᠠᠭᠠᠶᠢᠯᠠᠨ ᠵᠠᠷᠯᠠᠪᠠ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠳᠡᠰ | 2024 ᠣᠨ ᠤ 10 ᠰᠠᠷ᠎ᠠ ᠶᠢᠨ 15 ᠤ ᠡᠳᠦᠷ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ | |