ᠤᠯᠤᠰ ᠤᠨ ᠵᠠᠮ ᠤᠨ ᠴᠠᠰᠤ ᠶᠢ ᠴᠡᠪᠡᠷᠯᠡᠵᠦ ᠰᠠᠭᠠᠳ ᠦᠭᠡᠢ ᠨᠡᠪᠲᠡᠷᠡᠬᠦ ᠪᠠ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2024/11/28
   ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠳᠤ ᠨᠡᠶᠢᠳᠡᠮ ᠴᠠᠰᠤ ᠣᠷᠣᠵᠤ᠂ ᠠᠭᠠᠷ ᠤᠨ ᠳᠤᠯᠠᠭᠠᠨ ᠭᠡᠨᠡᠳᠲᠡ ᠪᠠᠭᠤᠷᠠᠵᠤ᠂ ᠤᠯᠤᠰ ᠤᠨ ᠵᠠᠮ ᠤᠨ ᠵᠠᠮ ᠬᠠᠷᠢᠯᠴᠠᠭ᠎ᠠ ᠶᠢ ᠵᠣᠬᠢᠬᠤ ᠬᠡᠮᠵᠢᠶ᠎ᠡ ᠪᠠᠷ ᠨᠥᠯᠥᠭᠡᠯᠡᠪᠡ᠃ 11 ᠰᠠᠷ᠎ᠠ ᠶᠢᠨ 26 ᠤ ᠡᠳᠦᠷ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠬᠢᠨ ᠮᠠᠰᠢᠨ ᠢᠶᠠᠷ ᠴᠠᠰᠤ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠣᠯᠠᠨ ᠲᠦᠮᠡᠨ ᠤ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠦᠨᠡᠨᠬᠦ ᠪᠠᠳᠤᠯᠠᠪᠠ᠃
   ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠬᠢᠨ ᠴᠠᠰᠤ ᠠᠷᠢᠯᠭᠠᠬᠤ ᠲᠣᠮᠣ ᠬᠡᠯᠪᠡᠷᠢ ᠶᠢᠨ ᠲᠡᠷᠭᠡ᠂ ᠴᠡᠪᠡᠷᠯᠡᠬᠦ ᠲᠡᠷᠭᠡ ᠵᠡᠷᠭᠡ ᠶᠢ ᠪᠠᠭᠲᠠᠭᠠᠭᠰᠠᠨ ᠡᠯ᠎ᠡ ᠲᠥᠷᠥᠯ ᠤᠨ ᠴᠠᠰᠤ ᠠᠷᠢᠯᠭᠠᠬᠤ ᠲᠥᠬᠦᠭᠡᠷᠦᠮᠵᠢ ᠶᠢ ᠴᠤᠭᠯᠠᠭᠤᠯᠵᠤ᠂ ᠭᠤᠣᠯ ᠵᠠᠮ ᠲᠡᠭᠡᠷᠡᠬᠢ ᠴᠠᠰᠤ ᠶᠢ ᠠᠷᠢᠯᠭᠠᠬᠤ ᠶᠢᠨ ᠬᠠᠮᠳᠤ ᠴᠠᠰᠤ ᠠᠷᠢᠯᠭᠠᠬᠤ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢᠨ ᠲᠥᠯᠥᠭᠡ᠂ ᠴᠠᠰᠤ ᠬᠠᠶᠢᠯᠤᠭᠤᠯᠤᠭᠴᠢ ᠡᠳ᠋ ᠢ ᠴᠠᠭ ᠲᠤᠬᠠᠢ ᠳᠤᠨᠢ ᠴᠡᠪᠡᠷᠯᠡᠵᠦ᠂ ᠵᠠᠮ ᠳᠡᠭᠡᠷ᠎ᠡ ᠮᠥᠰᠥ ᠬᠥᠯᠳᠡᠬᠦ ᠠᠴᠠ ᠵᠠᠶᠢᠯᠠᠰᠭᠢᠪᠠ᠃
   ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠬᠢᠨ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ᠂ ᠵᠠᠮ ᠬᠠᠷᠢᠯᠴᠠᠭᠠᠨ ᠤ ᠪᠠᠲᠤᠯᠠᠭ᠎ᠠ ᠶᠢ ᠴᠠᠭ ᠲᠤᠬᠠᠢ ᠳᠤᠨᠢ ᠳᠠᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠳᠤᠯᠠᠪᠠ᠃         ᠵᠣᠬᠢᠶᠠᠭᠴᠢ᠄ ᠸᠠᠩ ᠨᠢᠩ ᠪᠦᠸᠧ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3