ᠬᠦᠴᠦ ᠬᠠᠮᠲᠤᠷᠠᠨ ᠭᠡᠨᠡᠳᠡᠭᠦᠯᠦᠨ ᠪᠠᠶᠢᠴᠠᠭᠠᠵᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠦᠯᠵᠢᠶ᠎ᠡ ᠶᠢ ᠪᠠᠲᠤ ᠪᠠᠬᠢᠯᠡᠨ᠎ᠡ
ᠨᠡᠶᠢᠲᠡᠯᠡᠭᠰᠡᠨ ᠴᠠᠭ᠄
2024/11/28
     ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨᠬᠦ ᠰᠠᠶᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠤᠷ ᠢ ᠪᠠᠲᠤ ᠪᠠᠬᠢᠯᠡᠬᠦ ᠶᠢᠨ ᠲᠦᠯᠦᠭᠡ᠂ 11 ᠰᠠᠷ᠎ᠠ ᠶᠢᠨ 27 ᠤ ᠡᠳᠦᠷ᠂ ᠹᠧᠩᠵᠧᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠡᠰᠡᠭ ᠳᠤᠮᠳᠠᠳᠤ ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠬᠢᠨᠠᠨ ᠵᠢᠯᠤᠭᠤᠳᠪᠠ᠃
   ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠹᠧᠩᠵᠧᠨ ᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ᠂ ᠹᠧᠩᠬᠤᠸᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠹᠧᠩᠵᠧᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠭᠤᠣᠯᠳᠠᠭᠤ ᠰᠤᠷᠭᠠᠭᠤᠯᠢ ᠶᠢᠨ ᠬᠦᠷᠢᠶᠡᠨ ᠤ ᠢᠳᠡᠭᠡᠨ ᠬᠤᠳᠠᠯᠳᠤᠨ ᠠᠪᠬᠤ᠂ ᠬᠥᠮᠥᠷᠭᠡ ᠶᠢᠨ ᠬᠠᠳᠠᠭᠠᠯᠠᠮᠵᠢ ᠶᠢᠨ ᠬᠠᠮᠢᠶᠠᠷᠤᠯᠲᠠ᠂ ᠲᠥᠬᠦᠭᠡᠷᠦᠮᠵᠢ ᠶᠢᠨ ᠠᠵᠢᠯᠯᠠᠭᠠᠨ᠂ ᠬᠤᠭᠤᠯᠠᠨ ᠭᠡᠷ ᠤᠨ ᠠᠷᠢᠭᠤᠨ ᠴᠡᠪᠡᠷ ᠤᠨ ᠠᠮᠤᠷ ᠲᠦᠪᠰᠢᠨ ᠵᠡᠷᠭᠡ ᠲᠠᠯ᠎ᠠ ᠶᠢᠨ ᠲᠣᠭᠤᠷᠢᠨ ᠳᠤ᠂ ᠰᠤᠷᠭᠠᠭᠤᠯᠢ ᠶᠢᠨ ᠬᠤᠭᠤᠯᠠᠨ ᠭᠡᠷ ᠤᠨ ᠡᠯ᠎ᠡ ᠴᠢᠳᠠᠮᠵᠢ ᠶᠢᠨ ᠬᠤᠭᠤᠷᠣᠨᠳᠣᠬᠢ ᠵᠢᠷᠤᠮᠵᠢᠭᠰᠠᠨ ᠪᠠᠶᠢᠭᠤᠯᠤᠯᠲᠠ᠂ ᠳᠦᠷᠢᠮ ᠲᠣᠭᠲᠠᠭᠠᠯ ᠤᠨ ᠪᠦᠷᠢᠨ ᠲᠡᠭᠦᠯᠳᠡᠷ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠵᠢᠴᠢ ᠬᠤᠳᠠᠯᠳᠤᠨ ᠠᠪᠬᠤ ᠶᠠᠪᠤᠴᠠ᠂ ᠠᠷᠢᠭᠤᠳᠬᠠᠨ ᠴᠡᠪᠡᠷᠯᠡᠬᠦ᠂ ᠢᠳᠡᠭᠡᠨ ᠤ ᠥᠯᠢᠭᠡᠷ ᠡᠳ᠋ ᠦᠯᠡᠳᠡᠭᠡᠬᠦ᠂ ᠬᠤᠭᠤᠯᠠ ᠢᠳᠡᠬᠦ ᠶᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢᠨ ᠪᠠᠶᠢᠳᠠᠯ ᠳᠤ ᠭᠤᠣᠯᠳᠠᠯᠭ᠎ᠠ ᠲᠠᠢ ᠪᠠᠷ ᠲᠤᠬᠠᠢ ᠶᠢᠨ ᠭᠠᠵᠠᠷ ᠲᠤᠨᠢ ᠪᠥᠬᠦ ᠲᠠᠯ᠎ᠠ ᠶᠢᠨ ᠬᠢᠨᠠᠯᠲᠠ ᠪᠠᠶᠢᠴᠠᠭᠠᠯᠲᠠ ᠬᠢᠪᠡ᠃
   ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠬᠠᠤᠯᠢ ᠬᠡᠷᠡᠭᠵᠢᠭᠦᠯᠬᠦ ᠠᠵᠢᠯᠲᠠᠨ ᠨᠢᠭᠡᠨᠲᠡ ᠬᠤᠯᠪᠣᠭᠳᠠᠯ ᠪᠦᠬᠦᠢ ᠰᠤᠷᠭᠠᠭᠤᠯᠢ ᠶᠢᠨ ᠬᠤᠭᠤᠯᠠᠨ ᠭᠡᠷ ᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠭᠰᠠᠨ ᠪᠥᠭᠡᠳ ᠰᠤᠷᠭᠠᠭᠤᠯᠢ ᠶᠢᠨ ᠬᠤᠭᠤᠯᠠᠨ ᠭᠡᠷ ᠢ ᠵᠢᠭᠠᠨ ᠵᠢᠯᠤᠭᠤᠳᠴᠤ ᠪᠠᠶᠢᠭᠠᠳ ᠬᠤᠭᠤᠯᠠᠨ ᠭᠡᠷ ᠤᠨ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠨᠡᠮᠡᠭᠳᠡᠭᠦᠯᠬᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠦᠨᠡᠨᠬᠦ ᠠᠷᠢᠯᠭᠠᠪᠠ᠃          ᠵᠣᠬᠢᠶᠠᠭᠴᠢ᠄ ᠰᠢᠤᠸᠠᠨ ᠶᠠᠨ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3