| —— ᠰᠤᠶᠤᠯ ᠢᠶᠠᠷ ᠤᠮᠳᠠᠯᠠᠬᠤ ᠹᠧᠩᠴᠤᠸᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ | ᠹᠧᠩᠵᠧᠨ ᠬᠤᠳᠠ ᠶᠢᠨ ᠠᠷᠠᠳ ᠤᠨ ᠰᠢᠭᠦᠬᠦ ᠬᠤᠷᠢᠶ᠎ᠠ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ | | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠤᠬᠠᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠹᠸᠡᠭᠵᠧᠨ ᠬᠤᠳᠠ ᠶᠢᠨ ᠰᠤᠶᠤᠯ ᠢᠶᠠᠷ ᠤᠮᠳᠠᠯᠠᠬᠤ ᠹᠸᠡᠭᠴᠤᠸᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ | ᠹᠸᠡᠭᠵᠧᠨ ᠬᠤᠳᠠ ᠶᠢᠨ ᠠᠷᠠᠳ ᠤᠨ ᠰᠢᠭᠦᠬᠦ ᠬᠤᠷᠢᠶᠠᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ ᠸᠠᠩ ᠴᠢᠶᠠᠨ᠂ ᠶᠠᠩ ᠶᠠᠨ ᠰᠢᠶᠠ ᠤᠷᠢᠳ ᠬᠤᠵᠢᠳ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃ | | ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠤᠶᠠᠷ ᠪᠦᠷᠢᠯᠳᠦᠭᠦᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ᠂ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ | ᠶᠡᠭᠡ ᠠᠷᠭ᠎ᠠ ᠬᠡᠮᠵᠢᠶ᠎ᠡ ᠵᠡᠷᠭᠡ ᠴᠢᠬᠤᠯᠠ ᠵᠦᠢᠯ ᠤᠨ ᠲᠣᠭᠤᠷᠢᠨ ᠳᠤ ᠭᠦᠨᠵᠡᠭᠡᠢ ᠰᠢᠰᠲ᠋ᠧᠮ ᠲᠠᠢ ᠲᠠᠶᠢᠯᠤᠮᠵᠢ ᠬᠢᠵᠦ᠂ | ᠺᠠᠳ᠋ᠷ ᠴᠠᠭᠳᠠᠭ᠎ᠠ ᠨᠠᠷ ᠲᠤ ᠨᠠᠷᠢᠨ ᠨᠢᠭᠲᠠ ᠵᠠᠳᠠᠯᠤᠯᠲᠠ ᠬᠢᠵᠦ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ | ᠲᠠᠶᠢᠯᠪᠤᠷᠢᠯᠠᠯᠲᠠ ᠬᠢᠪᠡ᠃ ᠲᠠᠶᠢᠯᠤᠮᠵᠢ ᠨᠢ ᠨᠠᠷᠢᠯᠢᠭ ᠤᠨᠤᠪᠴᠢᠳᠠᠢ ᠨᠡᠪᠲᠡᠷᠬᠡᠢ ᠪᠠᠶᠢᠵᠤ᠂ ᠦᠭᠡ ᠬᠡᠯᠡ ᠨᠢ | ᠠᠮᠢᠳᠤᠯᠢᠭ ᠰᠣᠷᠭᠤᠭ᠂ ᠠᠭᠤᠯᠭ᠎ᠠ ᠨᠢ ᠨᠠᠷᠢᠨ ᠪᠣᠳᠠᠲᠠᠢ ᠪᠥᠭᠡᠳ ᠪᠠᠶᠠᠯᠢᠭ᠂ ᠮᠠᠰᠢ ᠴᠢᠩᠭ᠎ᠠ ᠤᠨᠤᠯ ᠤᠨ | ᠵᠢᠯᠤᠭᠤᠳᠬᠤ ᠠᠴᠢ ᠬᠤᠯᠪᠣᠭᠳᠠᠯ ᠪᠠ ᠦᠢᠯᠡᠳᠦᠯᠭᠡ ᠶᠢᠨ ᠵᠢᠯᠤᠭᠤᠳᠬᠤ ᠦᠢᠯᠡᠳᠦᠯ ᠲᠠᠢ ᠪᠠᠶᠢᠵᠤ᠂ ᠰᠢᠭᠦᠬᠦ | ᠬᠤᠷᠢᠶᠠᠨ ᠤ ᠰᠢᠰᠲ᠋ᠧᠮ ᠤᠨ ᠪᠦᠬᠦ ᠺᠠᠳ᠋ᠷ ᠴᠠᠭᠳᠠᠭ᠎ᠠ ᠶᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠩ ᠭᠦᠨᠵᠡᠭᠡᠢ ᠣᠶᠢᠯᠠᠭᠠᠵᠤ᠂ ᠨᠡᠩ | ᠣᠨᠣᠪᠴᠢᠲᠠᠢ ᠡᠵᠡᠮᠰᠢᠭᠦᠯᠪᠡ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ | ᠲᠥᠷᠥ ᠶᠢᠨ ᠡᠭᠦᠷᠭᠡ ᠮᠥᠨ᠃ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠳᠡᠮᠵᠢᠨ᠂ ᠮᠠᠨ ᠤ | ᠬᠤᠲᠠ ᠶᠢᠨ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠡᠭᠦᠨ ᠢᠶᠠᠷ ᠠᠵᠠ ᠲᠣᠬᠢᠶᠠᠯ ᠪᠣᠯᠭᠠᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ | ᠭᠤᠶᠢᠪᠢᠰᠢ ᠦᠭᠡᠢ ᠪᠠᠷ ᠦᠵᠡᠯ ᠰᠠᠨᠠᠭ᠎ᠠ ᠪᠠᠨ ᠨᠢᠭᠡᠳᠬᠡᠬᠦ ᠳᠡᠭᠡᠷ᠎ᠡ ᠨᠠᠶᠢᠳᠠᠪᠤᠷᠢᠵᠢᠭᠤᠯᠵᠤ᠂ ᠪᠣᠳᠠᠲᠠᠢ ᠠᠵᠢᠯᠯᠠᠭ᠎ᠠ | ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠨᠡᠪᠲᠡᠷᠬᠡᠢ ᠰᠤᠷᠤᠯᠴᠠᠬᠤ ᠳᠤ | ᠪᠣᠳᠠᠲᠠᠢ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ | ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ | ᠰᠡᠳᠬᠢᠬᠦᠢ᠂ ᠠᠷᠭ᠎ᠠ ᠶᠢ ᠰᠢᠭᠦᠬᠦ ᠬᠤᠷᠢᠶᠠᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠰᠢᠭᠦᠬᠦ ᠬᠤᠷᠢᠶᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ | ᠰᠢᠨ᠎ᠡ ᠴᠠᠭ ᠦᠶ᠎ᠡ ᠶᠢᠨ ᠰᠢᠭᠦᠬᠦ ᠬᠤᠷᠢᠶᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ | ᠭᠡᠪᠡ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |