ᠹᠧᠩᠵᠧᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2024/11/29
   11 ᠰᠠᠷ᠎ᠠ ᠶᠢᠨ 27 ᠤ ᠡᠳᠦᠷ᠂ ᠹᠧᠩᠵᠧᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠭᠠᠷ ᠬᠤᠯᠪᠣᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠲᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ  ᠠᠷᠭᠠᠴᠠᠭᠠᠵᠤ ᠠᠪᠤᠷᠠᠨ ᠲᠤᠰᠠᠯᠠᠬᠤ ᠲᠤᠰᠬᠠᠢ ᠰᠡᠳᠦᠪᠲᠦ ᠪᠤᠯᠪᠠᠰᠤᠷᠠᠭᠤᠯᠤᠯ ᠢ ᠦᠷᠨᠢᠭᠦᠯᠪᠡ᠃
   ᠪᠤᠯᠪᠠᠰᠤᠷᠠᠭᠤᠯᠤᠯ ᠤᠨ ᠠᠩᠭᠢ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠴᠢᠶᠡᠯᠯᠡᠬᠦ ᠪᠠᠭᠰᠢ ᠨᠠᠷ ᠠᠮᠢᠳᠤᠯᠢᠭ ᠦᠭᠡ ᠬᠡᠯᠡ᠂ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠭᠡᠨᠡᠳᠲᠡ ᠶᠢᠨ ᠬᠡᠷᠡᠭ ᠤᠨ ᠲᠣᠭᠤᠷᠢᠨ ᠳᠤ᠂ ᠡᠳᠦᠷ ᠲᠤᠲᠤᠮ ᠤᠨ ᠠᠮᠢᠳᠤᠷᠠᠯ ᠪᠠ ᠠᠵᠢᠯ ᠲᠠᠢ ᠪᠠᠨ ᠤᠶᠠᠯᠳᠤᠭᠤᠯᠤᠨ᠂ ᠪᠠᠴᠢᠮ ᠪᠠᠶᠢᠳᠠᠯ ᠢ  ᠠᠷᠭᠠᠴᠠᠭᠠᠬᠤ ᠮᠡᠳᠡᠯᠭᠡ ᠳᠤ ᠲᠠᠶᠢᠯᠤᠮᠵᠢ ᠬᠢᠭᠰᠡᠨ ᠪᠥᠭᠡᠳ ᠲᠤᠬᠠᠢ ᠶᠢᠨ ᠲᠠᠯᠠᠪᠤᠷ ᠲᠤ ᠠᠬᠤᠢ ᠪᠠᠶᠢᠳᠠᠯ ᠢ ᠳᠠᠭᠤᠷᠢᠶᠠᠨ ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ᠂ ᠠᠮᠢᠰᠬᠤᠯ ᠤᠨ ᠵᠠᠮ ᠤᠨ ᠬᠠᠷᠢ ᠪᠣᠳᠠᠰ ᠤᠨ ᠲᠦᠭᠵᠢᠷᠡᠯ ᠢ ᠲᠦᠷᠭᠡᠨ ᠠᠪᠤᠷᠠᠬᠤ ᠠᠷᠭ᠎ᠠ᠂ ᠰᠢᠷᠬ᠎ᠠ ᠶᠢ ᠠᠪᠤᠷᠠᠬᠤ ᠵᠡᠷᠭᠡ ᠮᠡᠷᠭᠡᠵᠢᠯ ᠢ ᠨᠠᠷᠢᠯᠢᠭ ᠲᠠᠶᠢᠯᠪᠤᠷᠢᠯᠠᠭᠰᠠᠨ ᠪᠠ ᠵᠢᠱᠢᠶ᠎ᠡ ᠦᠵᠡᠭᠦᠯᠪᠡ᠃
   ᠪᠣᠳᠠᠲᠠᠢ ᠬᠢᠬᠦ ᠶᠠᠪᠤᠴᠠ ᠳᠤ ᠬᠢᠴᠢᠶᠡᠯᠯᠡᠵᠦ ᠪᠠᠶᠢᠭ᠎ᠠ ᠪᠠᠭᠰᠢ ᠠᠴᠠ ᠰᠤᠷᠤᠭᠴᠢᠳ ᠲᠤ ᠲᠦᠷᠭᠡᠨ ᠠᠪᠤᠷᠠᠬᠤ ᠮᠡᠷᠭᠡᠵᠢᠯ ᠤᠨ ᠠᠨᠢᠰᠤ ᠶᠢ ᠲᠠᠶᠢᠯᠪᠤᠷᠢᠯᠠᠨ ᠥᠭᠴᠦ᠂ ᠰᠤᠷᠤᠭᠴᠢᠳ ᠤᠨ ᠳᠤᠷᠠᠳᠤᠭᠰᠠᠨ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠰᠤᠷᠤᠭᠴᠢᠳ ᠤᠨ ᠪᠣᠳᠠᠲᠠᠢ ᠬᠢᠬᠦ ᠶᠠᠪᠤᠴᠠ ᠳᠠᠬᠢ ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠢ ᠳᠤᠨᠢ ᠵᠢᠭᠠᠵᠤ ᠭᠠᠷᠭᠠᠪᠠ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠹᠧᠩᠵᠧᠨ ᠤ ᠴᠠᠬᠢᠯᠭᠠᠨ ᠬᠠᠩᠭᠠᠬᠤ ᠺᠣᠮᠫᠠᠨᠢ ᠶᠢᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠤᠨ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠲᠦᠷᠭᠡᠨ ᠲᠤᠰᠬᠠᠬᠤ ᠪᠠ ᠪᠦᠲᠦᠮᠵᠢᠲᠡᠶ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠮᠡᠳᠡᠯᠭᠡ ᠪᠠ ᠤᠷ᠎ᠠ ᠴᠢᠳᠠᠪᠤᠷᠢ ᠶᠢ ᠨᠠᠩ ᠪᠦᠲᠦᠮᠵᠢᠲᠡᠶ  ᠲᠦᠭᠡᠮᠡᠯᠵᠢᠭᠦᠯᠪᠡ᠃ ᠬᠤᠶᠢᠰᠢᠳᠠ ᠵᠠᠪᠠᠯ ︽ᠬᠥᠮᠥᠨ ᠪᠦᠬᠦᠨ ᠲᠦᠷᠭᠡᠨ ᠠᠪᠤᠷᠠᠯᠲᠠ ᠶᠢ ᠰᠤᠷᠴᠤ᠂ ᠲᠦᠷᠭᠡᠨ ᠠᠪᠤᠷᠠᠯᠲᠠ ᠶᠢ ᠬᠥᠮᠥᠨ ᠪᠦᠬᠦᠨ ᠤ ᠲᠥᠯᠥᠭᠡ ᠬᠢᠬᠦ︾ ᠣᠶᠢᠯᠠᠭᠠᠭᠳᠠᠬᠤᠨ ᠤ ᠤᠯᠠᠮᠵᠢᠯᠠᠭᠴᠢ ᠪᠣᠯᠵᠤ᠂ ᠬᠥᠮᠥᠨ ᠪᠦᠬᠦᠨ ᠢ ᠠᠮᠢ ᠨᠠᠰᠤᠨ ᠤ ᠬᠠᠮᠠᠭᠠᠯᠠᠭᠴᠢ ᠪᠣᠯᠭᠠᠵᠤ᠂ ᠠᠮᠢ ᠨᠠᠰᠤ ᠪᠠ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃         ᠵᠣᠬᠢᠶᠠᠭᠴᠢ᠄ ᠵᠠᠩ ᠿᠢ ᠵᠢᠤᠸᠠᠨ  ᠶᠠᠩ ᠭᠤᠸᠠᠩ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3