ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠢᠨ ︽ᠬᠠᠶᠢᠷᠠᠳᠠᠢ ᠡᠵᠢ︾ ᠭᠡᠷ ᠲᠡᠭᠡᠨ ᠬᠤᠴᠣᠷᠤᠭᠰᠠᠨ ᠬᠡᠦᠬᠡᠳ ᠢ ᠲᠣᠬᠤᠨᠢᠭᠤᠯᠤᠨ ᠬᠠᠯᠠᠮᠵᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/4
   11 ᠰᠠᠷ᠎ᠠ ᠶᠢᠨ 1 ᠤ ᠡᠳᠦᠷ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠢᠨ ︽ᠬᠠᠶᠢᠷᠠᠳᠠᠢ ᠡᠵᠢ︾ ᠭᠡᠷ ᠲᠡᠭᠡᠨ ᠬᠤᠴᠣᠷᠤᠭᠰᠠᠨ ᠬᠡᠦᠬᠡᠳ ᠢ ᠲᠣᠬᠤᠨᠢᠭᠤᠯᠬᠤ ᠠᠵᠢᠯ ᠥᠷᠨᠢᠭᠦᠯᠪᠡ᠃
   ᠲᠣᠬᠤᠨᠢᠭᠤᠯᠬᠤ ᠶᠠᠪᠤᠴᠠ ᠳᠤ᠂ ︽ᠬᠠᠶᠢᠷᠠᠳᠠᠢ ᠡᠵᠢ︾ ᠨᠠᠷ ᠬᠡᠦᠬᠡᠳ ᠨᠠᠷ ᠲᠤ ᠬᠤᠪᠴᠠᠰᠤ ᠬᠤᠨᠠᠷ᠂ ᠢᠳᠡᠭᠡᠨ ᠤᠮᠳᠠᠭᠠᠨ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠭᠡᠷ ᠪᠦᠯᠢ᠂ ᠰᠤᠷᠤᠯᠭ᠎ᠠ᠂ ᠠᠮᠢᠳᠤᠷᠠᠯ᠂ ᠪᠡᠶ᠎ᠡ ᠮᠠᠬᠠᠪᠤᠳ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠡᠦᠬᠡᠳ ᠤᠳ ᠢ ᠰᠠᠶᠢᠲᠤᠷ ᠰᠤᠷᠤᠯᠴᠠᠵᠤ᠂ ᠢᠲᠡᠭᠡᠯ ᠵᠣᠷᠢᠭ ᠲᠠᠢ ᠪᠠᠶᠢᠵᠤ᠂ ᠠᠮᠢᠳᠤᠷᠠᠯ ᠤᠨ ᠳᠤᠮᠳᠠᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠳᠤ ᠵᠣᠷᠢᠭᠲᠠᠢ ᠪᠠᠷ ᠬᠠᠨᠳᠤᠭᠠᠷᠠᠢ ᠭᠡᠵᠦ ᠵᠠᠬᠢᠪᠠ᠃
   ︽ᠬᠠᠶᠢᠷᠠᠳᠠᠢ ᠡᠵᠢ︾ ᠶᠢᠨ ᠬᠠᠶᠢᠷ᠎ᠠ ᠬᠠᠯᠠᠮᠵᠢ ᠨᠢ ᠬᠡᠦᠬᠡᠳ ᠲᠤ ᠨᠡᠶᠢᠭᠡᠮ ᠤᠨ ᠡᠯ᠎ᠡ ᠲᠠᠯ᠎ᠠ ᠶᠢᠨ ᠬᠠᠯᠠᠭᠤᠨ ᠳᠤᠯᠠᠭᠠᠨ ᠢ ᠬᠦᠷᠲᠡᠭᠡᠵᠦ᠂ ᠬᠡᠦᠬᠡᠳ ᠲᠤ ᠦᠨᠡᠨᠬᠦ ︽ᠰᠡᠳᠬᠢᠯ ᠳᠤᠨᠢ ᠬᠠᠶᠢᠷᠠᠯᠠᠬᠤ ᠬᠥᠮᠥᠨ ᠲᠠᠢ᠂ ᠪᠡᠶ᠎ᠡ ᠶᠢ ᠨᠢ ᠬᠠᠮᠠᠭᠠᠯᠠᠬᠤ ᠬᠥᠮᠥᠨ ᠲᠠᠢ᠂ ᠬᠦᠴᠢᠷ ᠢ ᠨᠢ ᠬᠠᠪᠰᠤᠷᠬᠤ ᠬᠦᠮᠦᠨ ᠲᠠᠢ︾ ᠭᠡᠳᠡᠭ ᠢ ᠮᠡᠳᠡᠷᠡᠭᠦᠯᠪᠡ᠃ ᠪᠠᠰᠠ ᠨᠠᠰᠤᠨ ᠳᠤ ᠥᠯᠥ ᠬᠦᠷᠦᠭᠰᠡᠳ ᠤᠨ ᠡᠷᠡᠭᠦᠯ ᠰᠠᠷᠠᠭᠤᠯ ᠥᠰᠦᠨ ᠪᠣᠶᠢᠵᠢᠬᠤ ᠣᠷᠴᠢᠨ ᠲᠣᠭᠤᠷᠢᠨ ᠢ ᠪᠤᠶ ᠪᠣᠯᠭᠠᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠦᠭᠪᠡ᠃        ᠵᠣᠬᠢᠶᠠᠭᠴᠢ᠄ ᠬᠤᠤ ᠴᠧᠨ ᠹᠧᠩ  ᠸᠠᠩ ᠰᠢᠶᠣᠣ ᠹᠧᠢ  ᠵᠠᠩ ᠬᠤᠩ ᠢᠦᠢ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3