ᠹᠧᠩᠵᠧᠨ ᠬᠤᠲᠠ ᠶᠢᠨ 2024 ᠣᠨ ᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠳᠤ ᠥᠯᠢᠭᠡᠷ ᠠᠪᠴᠤ ᠪᠠᠶᠢᠴᠠᠭᠠᠯᠲᠠ ᠬᠢᠵᠦ ᠡᠷᠦᠬᠡ ᠳᠤ ᠣᠷᠣᠵᠤ ᠳᠠᠩᠰᠠᠯᠠᠭᠤᠯᠬᠤ ᠠᠵᠢᠯ 11 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/11/4
   ᠮᠠᠨ ᠤ ᠤᠯᠤᠰ ᠤᠨ ᠬᠥᠮᠥᠨ ᠠᠮᠠ ᠶᠢᠨ ᠬᠥᠭᠵᠢᠯᠲᠡ ᠬᠤᠪᠢᠷᠠᠯᠲᠠ ᠶᠢᠨ ᠪᠠᠶᠢᠳᠠᠯ ᠢ ᠣᠨᠣᠪᠴᠢᠲᠠᠶ᠂ ᠴᠠᠭ ᠲᠤᠬᠠᠢ ᠳᠤᠨᠢ ᠬᠢᠨᠠᠨ ᠬᠡᠮᠵᠢᠬᠦ ᠪᠠ ᠲᠤᠰᠬᠠᠵᠤ᠂ ᠨᠠᠮ ᠪᠠ ᠵᠠᠰᠠᠭ ᠤᠨ ᠣᠷᠳᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠵᠢᠴᠢ ᠬᠥᠮᠥᠨ ᠠᠮᠠ ᠶᠢᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠣᠭᠲᠠᠭᠠᠬᠤ ᠳᠤ ᠰᠠᠭᠤᠷᠢ ᠪᠠᠷᠢᠮᠲᠠ ᠬᠠᠩᠭᠠᠬᠤ ᠶᠢᠨ ᠲᠥᠯᠥᠭᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠦᠬᠦ ᠤᠯᠤᠰ ᠤᠨ ᠬᠡᠪᠴᠢᠶᠡᠨ ᠳᠤ 2024 ᠣᠨ ᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠦᠯᠢᠭᠡᠷ ᠠᠪᠴᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠭᠠᠪᠠ᠃ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠨᠢ ᠮᠠᠨ ᠤ ᠤᠯᠤᠰ ᠤᠨ ᠡᠬᠡ ᠣᠷᠣᠨ ᠤ ᠬᠤᠲᠠ ᠪᠠᠯᠭᠠᠰᠤ ᠪᠠ ᠬᠥᠳᠡᠭᠡ ᠲᠣᠰᠬᠤᠨ ᠤ ᠭᠠᠵᠠᠷ ᠣᠷᠣᠨ ᠪᠣᠯᠣᠨ᠎ᠠ᠃ ᠪᠠᠶᠢᠴᠠᠭᠠᠯᠲᠠ ᠶᠢᠨ ᠠᠭᠤᠯᠭ᠎ᠠ ᠨᠢ ᠣᠪᠣᠭ ᠨᠡᠷ᠎ᠡ᠂ ᠢᠷᠭᠡᠨ ᠤ ᠪᠡᠶ᠎ᠡ ᠶᠢᠨ ᠭᠠᠷᠤᠯ ᠤᠨ ᠨᠣᠮᠧᠷ᠂ ᠬᠦᠢᠰᠦ ᠶᠢᠨ ᠢᠯᠭᠠᠯ᠂ ᠨᠠᠰᠤ ᠵᠢᠯ᠂ ᠦᠨᠳᠦᠰᠦᠲᠡᠨ᠂ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ᠂ ᠨᠡᠭᠦᠵᠦ ᠰᠢᠯᠵᠢᠬᠦ᠂ ᠠᠵᠢᠯᠯᠠᠬᠤ᠂ ᠤᠷᠤᠭᠯᠠᠵᠤ ᠬᠥᠩᠭᠡᠵᠢᠬᠦ᠂ ᠦᠬᠦᠭᠰᠡᠨ᠂ ᠣᠷᠣᠨ ᠰᠠᠭᠤᠴᠠ ᠶᠢᠨ ᠪᠠᠶᠢᠳᠠᠯ ᠵᠡᠷᠭᠡ ᠪᠣᠯᠣᠨ᠎ᠠ᠃ ᠪᠠᠶᠢᠴᠠᠭᠠᠯᠲᠠ ᠶᠢᠨ ᠪᠠᠷᠢᠮᠵᠢᠶᠠᠳᠤ ᠴᠠᠭ ᠨᠢ 2024 ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠪᠣᠯᠣᠨ᠎ᠠ᠃
   ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠹᠧᠩᠵᠧᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠢᠨ ᠲᠤᠰ ᠤᠳᠠᠭᠠᠨ ᠤ ᠬᠥᠮᠥᠨ ᠠᠮᠠ ᠶᠢᠨ ᠪᠠᠶᠢᠴᠠᠭᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠪᠠᠶᠢᠴᠠᠭᠠᠯᠲᠠ ᠶᠢᠨ ᠲᠥᠰᠥᠯ ᠶᠣᠰᠣᠭᠠᠷ ᠠᠵᠢᠯ ᠳᠠᠭᠠᠨ ᠬᠢᠨᠠᠮᠠᠭᠠᠢ ᠬᠠᠷᠢᠭᠤᠴᠠᠯᠭ᠎ᠠ ᠲᠠᠢ᠂ ᠭᠠᠵᠠᠷ ᠣᠷᠣᠨ ᠤ ᠪᠠᠶᠢᠳᠠᠯ ᠢ ᠰᠠᠶᠢᠨ ᠮᠡᠳᠡᠳᠡᠭ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠳᠤ ᠴᠠᠭᠠᠷᠠᠭᠰᠠᠨ᠂ ᠨᠡᠪᠲᠡᠷᠡᠯᠴᠡᠭᠰᠡᠨ ᠲᠤᠷᠰᠢᠯᠭ᠎ᠠ ᠪᠠᠷ ᠪᠠᠶᠠᠯᠢᠭ ᠥᠨᠳᠥᠷ ᠬᠡᠪ ᠪᠣᠯᠪᠠᠰᠤᠷᠠᠯ ᠲᠠᠢ ᠪᠠᠶᠢᠴᠠᠭᠠᠭᠴᠢ ᠪᠠ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠶᠢ ᠰᠣᠩᠭᠤᠨ ᠤᠷᠢᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠰᠢᠯᠭᠠᠯᠲᠠ ᠪᠠᠷ ᠳᠡᠮᠵᠢᠨ ᠠᠵᠢᠯ ᠤᠨ ᠪᠠᠶᠢᠷᠢ ᠳᠤ ᠭᠠᠷᠴᠤ ᠠᠵᠢᠯᠯᠠᠵᠤ᠂ ᠪᠥᠬᠦ ᠪᠠᠶᠢᠴᠠᠭᠠᠭᠴᠢ 2024 ᠣᠨ ᠤ 11 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠷᠦᠬᠡ ᠳᠤ ᠣᠷᠣᠵᠤ ᠳᠠᠩᠰᠠᠯᠠᠭᠤᠯᠬᠤ ᠠᠵᠢᠯ ᠢᠶᠠᠨ ᠡᠬᠢᠯᠡᠭᠦᠯᠪᠡ᠃
   ᠪᠠᠶᠢᠴᠠᠭᠠᠭᠴᠢ ᠨᠠᠷ ᠡᠷᠦᠭᠡ ᠳᠤ ᠣᠷᠣᠵᠤ ᠳᠠᠩᠰᠠᠯᠠᠭᠤᠯᠬᠤ ᠦᠶ᠎ᠡ ᠳᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠣᠯᠭᠤᠭᠰᠠᠨ ᠠᠵᠢᠯ ᠤᠨ ᠦᠨᠡᠮᠯᠡᠯ ᠢᠶᠠᠨ ᠭᠠᠷᠭᠠᠵᠤ ᠦᠵᠡᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠨᠢ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ ᠬᠠᠤᠯᠢ ᠶᠣᠰᠣᠭᠠᠷ ᠦᠨᠡᠨ ᠪᠣᠳᠠᠲᠠᠢ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠢ ᠳᠤᠨᠢ ᠬᠠᠩᠭᠠᠬᠤ  ᠮᠦᠷᠳᠡᠭᠡᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠵᠢᠴᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯᠲᠠᠨ ᠬᠥᠮᠥᠨ ᠠᠮᠠ ᠶᠢᠨ ᠪᠠᠶᠢᠴᠠᠭᠠᠭᠳᠠᠬᠤ ᠡᠲᠡᠭᠡᠳ ᠤᠨ ᠬᠤᠪᠢ ᠬᠥᠮᠥᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠲᠠᠢ᠃    ᠣᠳᠣᠬᠠᠨ ᠳᠤ᠂ ᠹᠧᠩᠵᠧᠨ ᠬᠤᠳᠠ ᠶᠢᠨ ᠥᠷᠭᠡᠨ ᠤᠯᠠᠨ ᠪᠠᠶᠢᠴᠠᠭᠠᠭᠴᠢ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠲᠠᠩᠰᠠᠯᠠᠨ ᠪᠠᠶᠢᠴᠠᠭᠠᠵᠤ ᠪᠠᠶᠢᠨ᠎ᠠ᠃         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ  
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3