| 11 ᠰᠠᠷ᠎ᠠ ᠶᠢᠨ 1 ᠤ ᠡᠳᠦᠷ᠂ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠢᠨ | ᠤᠯᠤᠰ ᠤᠨ ᠲᠠᠰ ᠤᠨ ᠬᠠᠮᠠᠭᠠᠯᠠᠯᠲᠠ ᠶᠢᠨ ᠬᠡᠭᠡᠷ᠎ᠡ ᠶᠢᠨ ᠰᠢᠪᠠᠭᠤᠨ ᠤ ᠲᠥᠷᠥᠯ ᠢ 2 ᠨᠢᠰᠬᠡᠵᠦ᠂ ᠨᠢᠰᠬᠡᠬᠦ ᠨᠥᠬᠦᠴᠡᠯ ᠳᠤ | ᠨᠡᠶᠢᠴᠡᠬᠦ ᠠᠪᠤᠷᠠᠨ ᠲᠤᠰᠠᠯᠠᠬᠤ ᠬᠡᠭᠡᠷ᠎ᠡ ᠶᠢᠨ ᠰᠢᠪᠠᠭᠤᠨ ᠤ ᠲᠥᠷᠥᠯ ᠢ ᠳᠠᠬᠢᠨ ᠡᠬᠡ ᠪᠠᠶᠢᠭᠠᠯᠢ ᠳᠤ ᠪᠤᠴᠠᠭᠠᠪᠠ᠃ | | | | | | ᠲᠣᠰ ᠤᠳᠠᠭᠠᠨ ᠤ ᠨᠢᠰᠬᠡᠬᠦ ᠠᠮᠢᠲᠠᠨ ᠳᠤ ᠤᠯᠤᠰ ᠤᠨ ᠨᠢᠭᠡᠳᠦᠭᠡᠷ ᠳᠡᠰ ᠤᠨ ᠭᠤᠣᠯᠳᠠᠯᠭ᠎ᠠ ᠲᠠᠢ ᠬᠠᠮᠠᠭᠠᠯᠠᠬᠤ | ᠬᠡᠭᠡᠷ᠎ᠡ ᠶᠢᠨ ᠠᠮᠢᠲᠠᠨ ᠤ ᠬᠦᠰᠦᠨ ᠲᠠᠰ ᠨᠢᠭᠡ᠂ ᠤᠯᠤᠰ ᠤᠨ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠡᠭᠡᠷ᠎ᠡ ᠶᠢᠨ | ᠠᠮᠢᠲᠠᠨ ᠤ ᠱᠤᠭᠤᠮᠠᠯ ᠨᠢᠭᠡ ᠪᠣᠶ᠃ ᠨᠢᠰᠬᠡᠬᠦ ᠬᠡᠭᠡᠷ᠎ᠡ ᠶᠢᠨ ᠠᠮᠢᠲᠠᠨ ᠨᠢ ᠣᠶ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠠᠴᠠ ᠢᠷᠡᠵᠦ᠂ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠠᠵᠢᠯᠲᠠᠨ ᠤ ᠨᠠᠷᠢᠨ ᠨᠢᠮᠪᠠᠢ ᠬᠠᠷᠠᠭᠠᠯᠵᠠᠯ ᠪᠠ ᠲᠤᠰᠬᠠᠢ ᠮᠡᠷᠭᠡᠵᠢᠯ ᠤᠨ ᠦᠨᠡᠯᠡᠯᠲᠡ ᠪᠠᠷ | ᠳᠡᠮᠵᠢᠨ᠂ ᠬᠡᠭᠡᠷ᠎ᠡ ᠭᠠᠳᠠᠨ᠎ᠠ ᠠᠮᠢᠳᠤᠷᠠᠬᠤ ᠴᠢᠳᠠᠪᠤᠷᠢ ᠲᠠᠢ ᠬᠤᠶᠠᠷ ᠬᠡᠭᠡᠷ᠎ᠡ ᠶᠢᠨ ᠰᠢᠪᠠᠭᠤᠨ ᠤ ᠲᠥᠷᠥᠯ ᠢ ᠨᠢᠰᠬᠡᠬᠦ ᠪᠠᠷ | ᠰᠣᠩᠭᠤᠨ ᠲᠣᠭᠲᠠᠭᠠᠪᠠ᠃ ᠨᠢᠰᠬᠡᠬᠦ ᠭᠠᠵᠠᠷ ᠨᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠰᠠᠶᠢᠨ᠂ ᠢᠳᠡᠭᠡᠨ ᠤ ᠡᠬᠢ | ᠪᠠᠶᠠᠯᠢᠭ ᠢᠶᠠᠷ ᠨᠡᠯᠢᠶᠡᠳ ᠡᠯᠪᠡᠭ ᠠᠭᠤᠯᠠᠷᠬᠠᠭ ᠣᠷᠣᠨ ᠢ ᠰᠣᠩᠭᠤᠵᠤ᠂ ᠬᠡᠭᠡᠷ᠎ᠡ ᠶᠢᠨ ᠰᠢᠪᠠᠭᠤᠳ ᠢ ᠡᠬᠡ ᠪᠠᠶᠢᠭᠠᠯᠢ ᠳᠤ | ᠴᠢᠯᠦᠭᠡᠲᠡᠢ ᠦᠷᠡᠵᠢᠭᠦᠯᠦᠯᠬᠦ ᠪᠤᠯᠤᠨ᠎ᠠ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠵᠢᠯᠲᠠᠳ ᠬᠢᠴᠢᠶᠡᠮᠵᠢᠲᠡᠢ ᠪᠠᠷ ᠬᠡᠭᠡᠷ᠎ᠡ ᠶᠢᠨ ᠠᠮᠢᠲᠠᠨ ᠢ | ᠵᠥᠭᠡᠭᠡᠪᠦᠷᠢ ᠶᠢᠨ ᠰᠢᠩᠭᠡᠯᠢᠭ ᠠᠴᠠ ᠲᠠᠯᠪᠢᠨ ᠭᠠᠷᠭᠠᠵᠤ᠂ ᠲᠡᠳᠡᠨ ᠤ ᠡᠬᠡ ᠪᠠᠶᠢᠭᠠᠯᠢ ᠳᠠᠭᠠᠨ ᠪᠤᠴᠠᠬᠤ ᠶᠢ ᠬᠠᠷᠠᠭᠠᠳ᠂ | ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠥᠨ ᠪᠣᠯᠭᠠᠨ ᠴᠥᠮ ᠠᠮᠢ ᠨᠠᠰᠤᠨ ᠤ ᠠᠮᠢᠵᠢᠷᠠᠯ ᠤᠨ ᠬᠦᠴᠦᠨ ᠪᠠ ᠡᠬᠡ | ᠪᠠᠶᠢᠭᠠᠯᠢ ᠶᠢᠨ ᠷᠢᠳᠢ ᠰᠢᠳᠢ ᠶᠢ ᠰᠡᠷᠡᠵᠦ ᠮᠡᠳᠡᠪᠡ᠃ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠬᠠᠢ | ᠮᠡᠷᠭᠡᠵᠢᠯᠲᠡᠨ ᠪᠠᠰᠠ ᠲᠤᠬᠠᠢ ᠶᠢᠨ ᠲᠠᠯᠠᠪᠤᠷ ᠲᠤ ᠣᠪᠣᠭᠠᠷᠠᠨ ᠦᠵᠡᠵᠦ ᠪᠠᠶᠢᠭ᠎ᠠ ᠣᠯᠠᠨ ᠲᠦᠮᠡᠨ ᠳᠤ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠶᠢᠨ ᠴᠢᠬᠤᠯᠠ ᠴᠢᠨᠠᠷ ᠵᠢᠴᠢ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠡᠭᠡᠷ᠎ᠡ ᠶᠢᠨ | ᠠᠮᠢᠲᠠᠨ ᠢ ᠬᠠᠮᠠᠭᠠᠯᠠᠬᠤ ᠳᠤ ᠬᠡᠷᠬᠢᠨ ᠥᠪᠡᠷ ᠤᠨ ᠬᠦᠴᠦᠨ ᠴᠢᠳᠠᠯ ᠢᠶᠠᠨ ᠡᠷᠭᠦᠬᠦ ᠲᠤᠬᠠᠢ ᠲᠠᠶᠢᠯᠪᠤᠷᠢᠯᠠᠵᠤ ᠦᠭᠪᠡ᠃ | | | | ᠵᠣᠬᠢᠶᠠᠭᠴᠢ᠄ ᠪᠠᠢ ᠯᠢ ᠨᠠ ᠵᠠᠩ ᠬᠤᠩ ᠢᠦᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |