| —— ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠨᠢ ᠬᠥᠭᠵᠢᠯᠲᠡ ᠶᠢᠨ ᠰᠢᠨ᠎ᠡ | ᠳᠠᠪᠠᠭᠤᠯᠢᠭ ᠢ ᠪᠤᠢ ᠪᠣᠯᠭᠠᠪᠠ | | ᠮᠠᠨ ᠤ ᠬᠤᠲᠠ ᠶᠢᠨ ᠬᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ︾ ᠢᠶᠠᠷ | ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠂ ᠠᠵᠢᠯ ᠲᠥᠷᠥᠯ ᠤᠨ ᠬᠥᠭᠵᠢᠯᠲᠡ ᠶᠢᠨ ᠬᠤᠰᠢᠭᠤᠷᠠᠯ ᠤᠨ | ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠳᠠᠮᠵᠢᠭᠤᠯᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠪᠠ᠃ | | ᠵᠢᠢ ᠲᠢᠶᠧ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠮᠠᠨ ᠤ ᠬᠤᠲᠠ ᠶᠢᠨ ᠠᠵᠤ | ᠦᠢᠯᠡᠳᠪᠦᠷᠢ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠢᠮᠠᠭᠲᠠ ᠪᠠᠷᠢᠮᠲᠠᠯᠠᠵᠤ᠂ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 2019 ︱ 2023 ᠣᠨ ᠳᠤ ᠨᠡᠶᠢᠳᠡ 115 ᠰᠤᠳᠤᠯᠤᠨ | ᠨᠡᠭᠡᠭᠡᠬᠦ ᠲᠦᠷᠦᠯ ᠵᠦᠢᠯ ᠢ ᠥᠷᠨᠢᠭᠦᠯᠵᠦ᠂ ᠰᠤᠳᠤᠯᠤᠨ ᠨᠡᠭᠡᠭᠡᠬᠦ ᠳᠤ 6 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠪᠠ᠃ | ᠲᠦᠷᠦᠯ ᠵᠦᠢᠯ ᠨᠢ ᠲᠡᠮᠦᠷ ᠤᠨ ᠬᠠᠶᠢᠯᠤᠰᠢ ᠶᠢᠨ ᠰᠢᠨ᠎ᠡ ᠦᠢᠯᠡᠳᠬᠦᠨ᠂ ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ ᠵᠢᠴᠢ | ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠡᠷᠭᠡ | ᠪᠣᠬᠢᠷᠲᠤᠯ ᠦᠭᠡᠢ ᠬᠥᠭᠵᠢᠯᠲᠡ ᠶᠢᠨ ᠲᠦᠷᠦᠯ ᠵᠦᠢᠯ ᠢ ᠬᠠᠮᠤᠷᠪᠠ᠃ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ | ᠤᠯᠠᠷᠢᠭᠤᠯᠤᠭᠰᠠᠨ ᠤ ᠳᠠᠷᠠᠭ᠎ᠠ ᠥᠪᠡᠷ ᠤᠨ ᠥᠷᠲᠡᠭ ᠢ ᠪᠠᠭᠤᠷᠠᠭᠤᠯᠵᠤ ᠬᠤᠷᠣᠭᠳᠠᠯ ᠢ ᠪᠠᠭᠠᠰᠬᠠᠨ ᠡᠨᠧᠷᠭᠢ ᠠᠷᠪᠢᠯᠠᠬᠤ | ᠵᠣᠭᠤᠰ ᠤᠨ ᠲᠤᠭ᠎ᠠ 6809.64 ᠲᠦᠮᠡᠨ ᠲᠥᠭᠦᠷᠢᠭ ᠲᠤ ᠬᠥᠷᠪᠡ᠃ | | ᠣᠲᠣ 9 ᠵᠦᠢᠯ ᠤᠨ ᠡᠭᠦᠳᠦᠯᠲᠡ ᠶᠢᠨ ᠲᠤᠰᠬᠠᠢ ᠲᠦᠷᠦᠯ᠂ 43 ᠵᠦᠢᠯ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ | ᠲᠤᠰᠬᠠᠢ ᠲᠦᠷᠦᠯ ᠪᠣᠶ᠃ ᠤᠯᠤᠰ ᠤᠨ ᠳᠣᠲᠣᠭᠠᠳᠤ ᠶᠢᠨ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠤᠯᠤᠰ ᠤᠨ | ᠪᠠ ᠠᠵᠢᠯ ᠲᠥᠷᠥᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠤᠭᠰᠠᠨ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ᠎ᠠ᠃ | ᠣᠲᠣ ᠪᠣᠯᠲᠠᠯ᠎ᠠ᠂ ᠨᠡᠶᠢᠲᠡ 141 ᠵᠦᠢᠯ ᠤᠨ ᠭᠤᠣᠯᠯᠠᠨ ᠤᠳᠤᠷᠢᠳᠬᠤ ᠪᠠ ᠣᠷᠣᠯᠴᠠᠬᠤ ᠳᠦᠷᠢᠮ ᠳᠤ ᠵᠠᠰᠠᠪᠤᠷᠢ | ᠣᠷᠣᠭᠤᠯᠬᠤ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠪᠡ᠃ ᠡᠭᠦᠨ ᠳᠤ ᠤᠯᠤᠰ ᠤᠨ ᠪᠠᠷᠢᠮᠵᠢᠶ᠎ᠠ 98 ᠵᠦᠢᠯ᠂ ᠠᠵᠢᠯ | ᠲᠥᠷᠥᠯ ᠤᠨ ᠪᠠᠷᠢᠮᠵᠢᠶ᠎ᠠ 42 ᠵᠦᠢᠯ᠂ ᠪᠦᠯᠬᠦᠮ ᠤᠨ ᠪᠠᠷᠢᠮᠵᠢᠶ᠎ᠠ 1 ᠵᠦᠢᠯ ᠪᠤᠶ᠃ ᠤᠯᠤᠰ ᠤᠨ ᠪᠠ ᠠᠵᠢᠯ ᠲᠦᠷᠦᠯ ᠤᠨ | ᠪᠠᠷᠢᠮᠵᠢᠶ᠎ᠠ ᠶᠢᠨ 121 ᠲᠦᠷᠦᠯ ᠵᠦᠢᠯ ᠵᠢᠴᠢ ᠫᠠᠶᠢᠰᠠ ᠶᠢ ᠰᠤᠳᠤᠯᠤᠨ ᠦᠢᠯᠡᠳᠴᠦ᠂ ᠴᠥᠮ ᠤᠯᠤᠰ ᠤᠨ | ᠳᠣᠲᠣᠭᠠᠳᠤ ᠶᠢᠨ ᠲᠡᠮᠦᠷ ᠤᠨ ᠬᠠᠶᠢᠯᠤᠰᠢ ᠶᠢᠨ ᠠᠵᠢᠯ ᠲᠦᠷᠦᠯ ᠤᠨ ᠲᠡᠷᠢᠭᠦᠨ ᠳᠤ ᠣᠷᠣᠵᠤ᠂ ᠲᠡᠮᠦᠷ ᠤᠨ ᠬᠠᠶᠢᠯᠤᠰᠢ ᠶᠢᠨ | ᠪᠠᠷᠢᠮᠵᠢᠶᠠᠵᠢᠭᠤᠯᠤᠯᠲᠠ ᠶᠢᠨ ᠬᠦᠷᠢᠶᠡᠨ ᠳᠤ ᠴᠢᠬᠤᠯᠠ ᠦᠢᠯᠡᠳᠦᠯ ᠦᠵᠡᠭᠦᠯᠪᠡ᠃ | | ᠵᠢᠢ ᠲᠢᠶᠧ ︽ᠲᠡᠮᠦᠷ ᠬᠠᠶᠢᠯᠤᠰᠢ ᠶᠢᠨ ᠴᠠᠬᠢᠯᠭᠠᠨ ᠵᠤᠤᠬ᠎ᠠ ᠶᠢᠨ ᠣᠶᠤᠨᠴᠢ ᠡᠵᠡᠮᠰᠢᠯ ᠤᠨ ᠰᠢᠰᠲ᠋ᠧᠮ ᠤᠨ ᠨᠡᠭᠡᠭᠡᠨ | ᠬᠥᠭᠵᠢᠭᠦᠯᠦᠯᠲᠡ ᠵᠢᠴᠢ ᠬᠡᠷᠡᠭᠯᠡᠯᠲᠡ︾ ᠶᠢᠨ ᠵᠦᠢᠯᠡᠰ ᠢ ᠥᠪᠡᠰᠦᠪᠡᠨ ᠰᠤᠳᠤᠯᠤᠨ ᠨᠡᠭᠡᠭᠡᠵᠦ᠂ ᠵᠦᠢᠯᠡᠰ ᠢ ᠨᠢᠭᠡᠨᠲᠡ | ᠳᠠᠭᠤᠰᠬᠠᠵᠤ᠂ ᠵᠢᠯ ᠳᠤ 320 ᠲᠦᠮᠡᠨ ᠲᠥᠭᠦᠷᠢᠭ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ ᠪᠣᠯᠣᠨ᠎ᠠ᠃ | ᠲᠤᠬᠠᠢ ᠶᠢᠨ ᠲᠠᠯᠠᠪᠠᠢ ᠶᠢᠨ ᠬᠥᠮᠥᠰ ᠤᠨ ᠠᠵᠢᠯᠯᠠᠭ᠎ᠠ ᠶᠢ ᠪᠠᠭᠠᠰᠬᠠᠵᠤ᠂ ᠠᠵᠢᠯᠴᠢᠨ ᠤ ᠬᠥᠳᠡᠯᠮᠦᠷᠢ ᠶᠢᠨ ᠡᠷᠴᠢᠮ ᠢ | ᠪᠠᠭᠤᠷᠠᠭᠤᠯᠵᠤ᠂ ᠮᠥᠨ ᠴᠢᠨᠠᠷᠵᠢᠭᠰᠠᠨ ᠠᠶᠤᠯᠭᠦᠢ ᠦᠢᠯᠡᠳᠪᠦᠷᠢᠯᠡᠯ ᠪᠣᠯᠣᠨ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ | ᠳᠡᠭᠡᠭᠰᠢᠯᠡᠭᠦᠯᠬᠦ ᠶᠢᠨ ᠲᠥᠯᠥᠭᠡ᠂ ᠵᠢᠢ ᠲᠢᠶᠧ ᠶᠢᠨ ᠥᠪᠡᠷᠲᠡᠭᠡᠨ ᠰᠤᠳᠤᠯᠤᠨ ᠦᠢᠯᠡᠳᠦᠭᠰᠡᠨ ︽ᠠᠦ᠋ᠲ᠋ᠣ᠋ ᠰᠢᠭᠠᠷᠤ ᠶᠢᠨ | ᠮᠠᠰᠢᠨ ᠢᠶᠠᠷ ᠬᠥᠮᠥᠨ ᠰᠣᠯᠢᠬᠤ ᠲᠦᠷᠦᠯ ᠵᠦᠢᠯ︾ ᠨᠢ ᠵᠢᠯ ᠳᠤ 162 ᠲᠦᠮᠡᠨ ᠲᠥᠭᠦᠷᠢᠭ ᠤᠨ ᠠᠵᠢᠯᠯᠠᠭᠠᠨ ᠤ | ᠥᠪᠡᠷ ᠤᠨ ᠦᠷᠳᠡᠭ ᠢ ᠪᠠᠭᠤᠷᠠᠭᠤᠯᠬᠤ ᠶᠢᠨ ᠬᠠᠮᠲᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | | ᠵᠢᠢ ᠲᠢᠶᠧ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠦᠢᠯᠡᠳᠬᠦᠨ ᠤ ᠪᠦᠲᠦᠴᠡ ᠶᠢ | ᠰᠢᠯᠢᠳᠡᠭᠵᠢᠭᠦᠯᠬᠦ ᠪᠠ ᠲᠣᠬᠢᠷᠠᠭᠤᠯᠬᠤ᠂ ᠤᠷ᠎ᠠ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠴᠠᠬᠢᠯᠭᠠᠨ | ᠵᠤᠤᠬ᠎ᠠ ᠶᠢᠨ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠵᠤ᠂ ᠡᠨᠧᠷᠭᠢ᠂ | ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠶᠢ ᠠᠬᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠦᠢᠯᠡᠳᠪᠦᠷᠢᠯᠡᠯ ᠤᠨ | ᠥᠪᠡᠷ ᠤᠨ ᠦᠷᠳᠡᠭ ᠢ ᠪᠠᠭᠤᠷᠠᠭᠤᠯᠪᠠ᠃ | | | ᠵᠣᠬᠢᠶᠠᠭᠴᠢ᠄ ᠭᠦᠸᠧ ᠬᠤᠶ ᠮᠢᠨ ᠶᠠᠨ ᠰᠢᠶᠠ ᠹᠧᠢ ᠷᠧᠨ ᠬᠠᠢ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |