︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠢ ᠪᠤᠯᠤᠩ︾
ᠨᠡᠶᠢᠲᠡᠯᠡᠭᠰᠡᠨ ᠴᠠᠭ᠄
2024/11/4
            —— ᠹᠧᠩᠵᠧᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠄ ᠢᠯᠡ ᠪᠣᠯᠭᠠᠬᠤ ᠪᠠᠷ ᠲᠥᠪ ᠭᠤᠥᠯᠴᠢ ᠶᠢ ᠠᠬᠢᠭᠤᠯᠵᠤ ᠭᠡᠷᠡᠴᠢᠯᠡᠭᠡ ᠰᠣᠨᠣᠰᠬᠤ ᠪᠠᠷ ᠣᠯᠠᠨ ᠨᠡᠶᠢᠲᠡ ᠶᠢᠨ ᠢᠲᠡᠭᠡᠮᠵᠢ ᠶᠢ ᠤᠯᠤᠨ᠎ᠠ    ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠪᠠ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠠᠮᠠᠭᠠᠯᠠᠵᠤ᠂ ᠬᠡᠷᠡᠭ ᠢ ᠰᠢᠢᠳᠪᠦᠷᠢᠯᠡᠬᠦ ᠳᠤ ︽ᠭᠡᠷᠡᠴᠢᠯᠡᠭᠡ ᠰᠣᠨᠣᠰᠬᠤ ᠶᠣᠰᠣᠲᠠᠢ᠂ ᠭᠡᠷᠡᠴᠢᠯᠡᠭᠡ ᠰᠣᠨᠣᠰᠬᠤ ᠶᠢ ᠴᠥᠮ ᠬᠡᠷᠡᠭᠵᠢᠭᠦᠯᠬᠦ︾ ᠶᠢ ᠪᠠᠷᠢᠮᠳᠠᠯᠠᠬᠤ ᠶᠢᠨ ᠲᠤᠰᠠᠳᠠ᠂ 10 ᠰᠠᠷ᠎ᠠ ᠶᠢᠨ 31 ᠤ ᠡᠳᠦᠷ᠂ ᠹᠧᠩᠵᠧᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠭᠤᠷᠪᠠᠨ ᠬᠡᠷᠡᠭ ᠲᠤ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠪᠠ᠂ ᠲᠣᠰ ᠤᠳᠠᠭᠠᠨ ᠤ ᠭᠡᠷᠡᠴᠢᠯᠡᠭᠡ ᠰᠣᠨᠣᠰᠬᠤ ᠬᠤᠷᠠᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳ ᠤᠨ ᠬᠢᠨᠠᠯᠲᠠ ᠲᠠᠯᠪᠢᠭᠴᠢ᠂ ᠬᠠᠤᠯᠢᠴᠢ ᠵᠢᠴᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠥᠯᠥᠭᠡᠯᠡᠭᠴᠢ ᠨᠠᠷ ᠢ ᠤᠷᠢᠨ ᠤᠷᠤᠯᠴᠠᠭᠤᠯᠪᠠ᠃
   ᠭᠡᠷᠡᠴᠢᠯᠡᠭᠡ ᠰᠣᠨᠣᠰᠬᠤ ᠬᠤᠷᠠᠯ ᠳᠡᠭᠡᠷ᠎ᠡ᠂ ᠳᠠᠭᠠᠭᠠᠨ ᠰᠢᠢᠳᠪᠦᠷᠢᠯᠡᠬᠦ ᠪᠠᠶᠢᠴᠠᠭᠠᠬᠤ ᠲᠤᠰᠢᠶᠠᠯᠲᠠᠨ ᠬᠤᠷᠠᠯ ᠳᠤ ᠣᠷᠣᠯᠴᠠᠭᠰᠠᠳ ᠲᠤ ᠬᠡᠷᠡᠭ ᠤᠨ ᠦᠨᠳᠦᠰᠦᠨ ᠪᠠᠶᠢᠳᠠᠯ᠂ ᠬᠡᠷᠡᠭ ᠰᠢᠢᠳᠪᠦᠷᠢᠯᠡᠭᠰᠡᠨ ᠶᠠᠪᠤᠴᠠ᠂ ᠪᠠᠶᠢᠴᠠᠭᠠᠨ ᠬᠠᠷᠭᠤᠭᠤᠯᠤᠭᠰᠠᠨ ᠬᠠᠮᠢᠶ᠎ᠠ ᠪᠦᠬᠦᠢ ᠭᠡᠷᠡᠴᠢ ᠪᠠᠷᠢᠮᠲᠠ᠂ ᠰᠢᠢᠳᠪᠦᠷᠢᠯᠡᠬᠦ ᠰᠠᠨᠠᠯ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠦᠨᠳᠦᠰᠦᠯᠡᠯ ᠢ ᠨᠠᠷᠢᠨ ᠲᠠᠨᠢᠯᠴᠠᠭᠤᠯᠪᠠ᠃ ᠰᠠᠨᠠᠯ ᠰᠣᠨᠣᠰᠤᠯᠲᠠ ᠶᠢᠨ ᠲᠥᠯᠥᠭᠡᠯᠡᠭᠴᠢ ᠨᠠᠷ ᠤᠷᠢᠳ ᠬᠤᠵᠢᠳ ᠶᠠᠷᠢᠶ᠎ᠠ ᠲᠠᠯᠪᠢᠵᠤ᠂ ᠬᠡᠷᠡᠭ ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ᠂ ᠬᠠᠤᠯᠢ ᠴᠠᠭᠠᠵᠠ ᠶᠢ ᠬᠡᠷᠡᠭᠯᠡᠬᠦ ᠪᠠ ᠨᠡᠶᠢᠭᠡᠮ ᠨᠡᠶᠢᠲᠡ ᠶᠢᠨ ᠠᠰᠢᠭ ᠲᠤᠰᠠ ᠶᠢᠨ ᠬᠤᠣᠷ ᠬᠥᠨᠥᠭᠡᠯᠳᠦ ᠴᠢᠨᠠᠷ ᠵᠡᠷᠭᠡ ᠠᠰᠠᠭᠤᠳᠠᠯ ᠤᠨ ᠲᠤᠬᠠᠢ ᠲᠡᠰ ᠳᠠᠷᠠᠭᠠᠯᠠᠨ ᠰᠠᠨᠠᠯ ᠢᠶᠠᠨ ᠢᠯᠡᠳᠬᠡᠪᠡ᠃ ᠪᠠᠶᠢᠴᠠᠭᠠᠬᠤ ᠪᠠᠶᠢᠭᠤᠯᠭ᠎ᠠ ᠠᠴᠠ ᠰᠠᠨᠠᠯ ᠰᠣᠨᠣᠰᠤᠯᠲᠠ ᠳᠤ ᠣᠷᠣᠯᠴᠠᠭᠰᠠᠨ ᠡᠯ᠎ᠡ ᠲᠠᠯ᠎ᠠ ᠶᠢᠨ ᠬᠢᠨ ᠤ ᠰᠠᠨᠠᠯ ᠢ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ ᠭᠡᠪᠡ᠃    ᠬᠤᠷᠠᠯ ᠤᠨ ᠳᠠᠷᠠᠭ᠎ᠠ᠂ ᠡᠯ᠎ᠡ ᠭᠡᠷᠡᠴᠢᠯᠡᠭᠡ ᠰᠣᠨᠣᠰᠬᠤ ᠲᠥᠯᠥᠭᠡᠯᠡᠭᠴᠢ ᠨᠠᠷ ᠪᠠᠶᠢᠴᠠᠭᠠᠬᠤ ᠪᠠᠶᠢᠭᠤᠯᠭ᠎ᠠ ᠶᠢᠨ ᠢᠯᠡ ᠪᠠᠷ ᠭᠡᠷᠡᠴᠢᠯᠡᠭᠡ ᠰᠣᠨᠣᠰᠬᠤ ᠰᠠᠨᠠᠯ ᠢ ᠥᠷᠭᠡᠨ ᠢᠶᠠᠷ ᠰᠣᠨᠣᠰᠤᠭᠰᠠᠨ ᠢ ᠭᠦᠢᠴᠡᠳ ᠨᠤᠲᠠᠯᠠᠵᠤ᠂ ᠪᠠᠶᠢᠴᠠᠭᠠᠬᠤ ᠪᠠᠶᠢᠭᠤᠯᠭ᠎ᠠ ᠶᠢᠨ ᠢᠯᠡ ᠪᠠᠷ ᠭᠡᠷᠡᠴᠢᠯᠡᠭᠡ ᠰᠣᠨᠣᠰᠬᠤ ᠶᠢ ᠠᠰᠢᠭᠯᠠᠨ ᠨᠡᠪᠲᠡᠷᠡᠯᠴᠡᠬᠦ ᠬᠥᠭᠦᠷᠭᠡ ᠪᠠᠶᠢᠭᠤᠯᠬᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠭᠦᠷᠭᠡ ᠴᠢᠳᠠᠪᠤᠷᠢ ᠶᠢᠨ ᠬᠡᠷᠡᠭ ᠰᠢᠢᠳᠪᠦᠷᠢᠯᠡᠬᠦ ᠬᠡᠪ ᠵᠠᠭᠪᠤᠷ ᠶᠢ ᠪᠠᠳᠠᠷᠠᠭᠤᠯᠬᠤ ᠶᠢ ᠰᠠᠨᠠᠯ ᠨᠢᠭᠡᠲᠡᠢ ᠵᠥᠪᠰᠢᠶᠡᠷᠡᠵᠦ᠂ ᠪᠠᠶᠢᠴᠠᠭᠠᠬᠤ ᠪᠠᠶᠢᠭᠤᠯᠭ᠎ᠠ ᠶᠢᠨ ᠢᠯᠡ ᠪᠠᠷ ᠭᠡᠷᠡᠴᠢᠯᠡᠭᠡ ᠰᠣᠨᠣᠰᠬᠤ ᠨᠢ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠠᠲᠤᠯᠠᠭᠰᠠᠨ ᠮᠥᠷᠲᠡᠭᠡᠨ ᠪᠠᠰᠠ ᠪᠠᠶᠢᠴᠠᠭᠠᠬᠤ ᠪᠠᠶᠢᠭᠤᠯᠭ᠎ᠠ ᠶᠢᠨ ᠪᠦᠬᠦ ᠶᠠᠪᠤᠴᠠ ᠶᠢᠨ ᠠᠷᠠᠳᠴᠢᠯᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠬᠠᠤᠯᠢ ᠪᠠᠷᠢᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠬᠦ ᠶᠢ ᠢᠯᠡᠷᠡᠭᠦᠯᠵᠦ᠂ ᠪᠠᠶᠢᠴᠠᠭᠠᠬᠤ ᠪᠠᠶᠢᠭᠤᠯᠭ᠎ᠠ ᠶᠢᠨ ᠬᠡᠷᠡᠭ ᠰᠢᠢᠳᠪᠦᠷᠢᠯᠡᠬᠦ ᠤᠯᠤᠰ ᠲᠦᠷᠦ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠪᠦᠲᠦᠮᠵᠢ ᠪᠠ ᠬᠠᠤᠯᠢ ᠴᠠᠭᠠᠵᠠ ᠶᠢᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃  ︽ᠰᠢᠳᠤᠷᠭᠤ ᠶᠣᠰᠣ ᠶᠢ ᠪᠡᠶᠡᠯᠡᠭᠦᠯᠬᠦ ᠪᠠᠷ ᠪᠠᠷᠠᠬᠤ ᠦᠭᠡᠢ ᠨᠡᠩ ᠴᠤ ᠨᠢᠳᠦᠨ ᠳᠤ ᠦᠵᠡᠭᠳᠡᠮ᠎ᠡ ᠬᠡᠯᠪᠡᠷᠢ ᠪᠠᠷ ᠪᠡᠶᠡᠯᠡᠬᠦᠯᠦᠨ᠎ᠡ︾᠃ 2020 ᠣᠨ ᠤ 9 ᠰᠠᠷ᠎ᠠ ᠳᠤ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠬᠢᠨ ︽ᠠᠷᠠᠳ ᠤᠨ ᠪᠠᠶᠢᠴᠠᠭᠠᠬᠤ ᠬᠤᠷᠢᠶᠠᠨ ᠤ ᠬᠡᠷᠡᠭ ᠢ ᠬᠢᠨᠠᠨ ᠪᠠᠶᠢᠴᠠᠭᠠᠬᠤ ᠭᠡᠷᠡᠴᠢᠯᠡᠭᠡ ᠰᠣᠨᠣᠰᠬᠤ ᠠᠵᠢᠯ ᠤᠨ ᠲᠣᠭᠲᠠᠭᠠᠯ︾ ᠢ ᠨᠡᠶᠢᠲᠡᠯᠡᠭᠰᠡᠨ ᠠᠴᠠ ᠨᠠᠰᠢ᠂ ᠹᠸᠡᠭᠵᠧᠨ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ︽ᠰᠠᠨᠠᠯ ᠰᠣᠨᠣᠰᠬᠤ ᠶᠣᠰᠣᠲᠠᠢ᠂ ᠭᠦᠢᠴᠡᠳ ᠰᠠᠨᠠᠯ ᠰᠣᠨᠣᠰᠬᠤ︾ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠳᠡ 44 ᠬᠡᠷᠡᠭ᠂ 70 ᠬᠥᠮᠥᠨ ᠤᠳᠠᠭ᠎ᠠ ᠶᠢᠨ ᠰᠠᠨᠠᠯ ᠰᠣᠨᠣᠰᠬᠤ ᠬᠤᠷᠠᠯ ᠢ ᠵᠣᠬᠢᠶᠠᠨ ᠪᠠᠶᠢᠭᠤᠯᠵᠤ᠂ ᠬᠠᠤᠯᠢ ᠴᠠᠭᠠᠵᠠ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠢᠯᠡᠷᠡᠭᠦᠯᠦᠭᠰᠡᠨ ᠮᠥᠷᠲᠡᠭᠡᠨ ᠪᠠᠰᠠ ᠪᠠᠶᠢᠴᠠᠭᠠᠬᠤ ᠠᠵᠢᠯ ᠤᠨ ᠡᠶᠡᠯᠳᠡᠭ ᠵᠥᠭᠡᠯᠡᠨ ᠪᠠᠶᠢᠳᠠᠯ ᠢ ᠢᠯᠡᠷᠡᠭᠦᠯᠵᠦ᠂ ᠬᠠᠤᠯᠢ ᠴᠠᠭᠠᠵᠠ ᠪᠠᠷ ᠬᠡᠷᠡᠭ ᠰᠢᠢᠳᠪᠦᠷᠢᠯᠡᠬᠦ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ᠂ ᠬᠠᠤᠯᠢ ᠴᠠᠭᠠᠵᠠ ᠪᠠᠷ ᠬᠡᠷᠡᠭ ᠰᠢᠢᠳᠪᠦᠷᠢᠯᠡᠬᠦ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠢᠯᠡ ᠪᠠᠷ ᠭᠡᠷᠡᠴᠢᠯᠡᠭᠡ ᠰᠣᠨᠣᠰᠬᠤ ᠬᠡᠷᠡᠭ ᠤᠨ ᠬᠡᠪᠴᠢᠶ᠎ᠡ ᠶᠢ ᠥᠷᠭᠡᠳᠬᠡᠵᠦ᠂ ᠢᠯᠡ ᠪᠠᠷ ᠭᠡᠷᠡᠴᠢᠯᠡᠭᠡ ᠰᠣᠨᠣᠰᠬᠤ ᠡᠷᠴᠢᠮ ᠢ ᠴᠢᠩᠭᠠᠷᠠᠭᠤᠯᠵᠤ᠂ ᠢᠯᠡ ᠪᠠᠷ ᠭᠡᠷᠡᠴᠢᠯᠡᠭᠡ ᠰᠣᠨᠣᠰᠬᠤ ᠠᠵᠢᠯ ᠢ ᠪᠠᠶᠢᠩᠭᠤᠵᠢᠭᠤᠯᠤᠨ ᠬᠥᠭᠵᠢᠭᠦᠯᠬᠦ ᠶᠢ ᠠᠬᠢᠭᠤᠯᠵᠤ᠂ ᠠᠷᠠᠳ ᠤᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠭᠦᠢᠴᠡᠳ ᠪᠠᠲᠤᠯᠠᠵᠤ᠂ ᠪᠠᠶᠢᠴᠠᠭᠠᠬᠤ ᠡᠷᠬᠡ ᠶᠢ ᠢᠯᠡ ᠪᠠᠷ ᠬᠡᠷᠡᠭᠵᠢᠭᠦᠯᠵᠦ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠦᠨ᠎ᠡ᠃                      ᠵᠣᠬᠢᠶᠠᠭᠴᠢ᠄ ᠰᠢᠤᠸᠠᠨ ᠶᠠᠨ            ᠨᠠᠶᠢᠷᠠᠭᠤᠯᠤᠭᠴᠢ᠄ ᠯᠢ ᠰᠧ ᠬᠤᠢ            ᠬᠢᠨᠠᠨ ᠬᠠᠷᠭᠤᠭᠤᠯᠤᠭᠴᠢ᠄ ᠶᠠᠨ ᠬᠤᠸᠠᠢ ᡁᠢ            ᠤᠷᠴᠢᠭᠤᠯᠤᠭᠴᠢ᠄ ᠬᠠᠨ ᠰᠢᠶᠤᠤ ᠿᠦᠩ            ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3