| —— ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠷᠭᠡᠨ ᠤᠯᠠᠨ ᠰᠤᠷᠤᠭᠴᠢᠳ ᠢ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠦᠯᠦᠭᠡ᠂ 10 | ᠰᠠᠷ᠎ᠠ ᠶᠢᠨ 30 ᠤ ᠡᠳᠦᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠯᠠᠭᠠᠨᠴᠠᠪ ᠤᠨ | ᠹᠧᠩᠵᠧᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠹᠧᠩᠵᠧᠨ ᠬᠤᠲᠠ ᠶᠢᠨ ᠠᠵᠢᠯ ᠮᠡᠷᠭᠡᠵᠢᠯ ᠤᠨ ᠳᠤᠮᠳᠠ | ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠬᠦᠷᠴᠦ ︽ᠮᠧᠩ ᠳ᠋ᠢᠶᠠᠨ ᠤ ᠬᠠᠶᠢᠷ᠎ᠠ ᠬᠠᠯᠠᠮᠵᠢ ᠶᠢᠨ ᠭᠡᠷᠡᠯᠲᠤ | ᠠᠶᠠᠯᠠᠯ᠂ ᠦᠨᠳᠦᠰᠦᠲᠡᠨ ᠤ ᠪᠦᠯᠬᠦᠮᠳᠡᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠴᠠᠬᠢᠯᠭᠠᠨ ᠬᠠᠩᠭᠠᠬᠤ ᠺᠣᠮᠫᠠᠨᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠵᠤ᠂ ᠰᠤᠷᠤᠭᠴᠢᠳ ᠢ ᠰᠤᠷᠭᠠᠨ ᠬᠥᠮᠥᠵᠢᠭᠦᠯᠵᠦ | ᠬᠥᠲᠥᠯᠥᠨ ᠵᠢᠯᠤᠭᠤᠳᠴᠤ ᠪᠠᠶᠢᠭᠠᠳ ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ | ᠲᠣᠪᠴᠢᠯᠠᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ | ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠦᠷ᠎ᠡ ᠶᠢ ᠬᠡᠦᠬᠡᠳ | ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠬᠤ ᠶᠢᠨ ᠬᠠᠮᠲᠤ ᠭᠤᠣᠯᠳᠠᠭᠤ ᠰᠢ ᠶᠢᠨ ᠫᠢᠩ ᠶᠡᠷᠦᠩᠬᠡᠢ ᠱᠦᠵᠢ ᠶᠢᠨ | ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠤᠬᠠᠢ ᠰᠢᠨ᠎ᠡ ᠣᠶᠢᠯᠠᠭᠠᠭᠳᠠᠬᠤᠨ᠂ ᠰᠢᠨ᠎ᠡ ᠦᠵᠡᠯ | ᠰᠠᠨᠠᠭ᠎ᠠ᠂ ᠰᠢᠨ᠎ᠡ ᠪᠠᠶᠢᠯᠳᠤᠬᠤ ᠪᠣᠳᠣᠯᠭ᠎ᠠ᠂ ᠮᠠᠨ ᠤ ᠤᠯᠤᠰ ᠤᠨ ᠦᠨᠳᠦᠰᠦᠲᠡᠨ ᠤ ᠦᠨᠳᠦᠰᠦᠨ ᠤᠨᠤᠯ ᠪᠣᠯᠣᠨ | ᠲᠦᠷᠦ ᠶᠢᠨ ᠪᠣᠳᠣᠯᠭ᠎ᠠ᠂ ᠦᠨᠳᠦᠰᠦᠲᠡᠨ ᠤ ᠬᠡᠷᠡᠭ ᠶᠠᠪᠤᠳᠠᠯ ᠤᠨ ᠲᠤᠬᠠᠢ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠭᠴᠢᠳ ᠲᠤ ᠲᠤᠬᠠᠢ ᠶᠢᠨ ᠲᠠᠯᠠᠪᠠᠢ ᠶᠢᠨ | ᠲᠠᠶᠢᠯᠤᠮᠵᠢ ᠬᠢᠪᠡ᠃ | | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ PPT ᠬᠢᠴᠢᠶᠡᠯ ᠤᠨ ᠬᠡᠷᠡᠭᠰᠡᠯ ᠪᠠ ᠲᠥᠬᠦᠮ | ᠠᠮᠢᠳᠤᠯᠢᠭ ᠦᠭᠡ ᠬᠡᠯᠡ ᠪᠠᠷ ᠪᠣᠳᠠᠲᠤ ᠵᠢᠱᠢᠶ᠎ᠡ ᠶᠢ ᠰᠣᠯᠪᠢᠴᠠᠭᠤᠯᠤᠨ᠂ ᠴᠠᠬᠢᠯᠭᠠᠨ ᠬᠦᠴᠦᠨ ᠤ ᠬᠠᠤᠯᠢ | ᠲᠣᠭᠲᠠᠭᠠᠯ ᠤᠨ ᠶᠡᠷᠦ ᠶᠢᠨ ᠮᠡᠳᠡᠯᠭᠡ ᠪᠠ ᠡᠳᠦᠷ ᠲᠤᠲᠤᠮ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ | ᠮᠡᠳᠡᠯᠭᠡ ᠶᠢᠨ ᠲᠣᠭᠤᠷᠢᠨ ᠳᠤ ᠤᠬᠠᠭᠤᠯᠭ᠎ᠠ ᠬᠥᠮᠦᠵᠢᠯ ᠬᠢᠬᠦ ᠶᠢᠨ ᠬᠠᠮᠲᠤ ᠪᠠᠭᠰᠢ ᠰᠤᠷᠤᠭᠴᠢᠳ ᠲᠤ | ᠤᠬᠠᠭᠤᠯᠭ᠎ᠠ ᠶᠢᠨ ᠨᠤᠭᠤᠯᠤᠮᠠᠯ ᠬᠠᠭᠤᠳᠠᠰᠤ ᠬᠦᠷᠭᠡᠵᠦ᠂ ᠬᠠᠮᠲᠤ ᠰᠤᠷᠤᠭᠴᠢᠳ ᠦᠵᠡᠵᠦ ᠰᠣᠨᠣᠰᠬᠤ ᠶᠢᠨ ᠳᠠᠭᠠᠤ | ᠰᠤᠷᠤᠯᠴᠠᠪᠠ᠃ ᠲᠤᠰ ᠠᠵᠢᠯᠯᠠᠭ᠎ᠠ ᠳᠤ ᠪᠠᠰᠠ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠮᠡᠳᠡᠯᠭᠡ ᠶᠢᠨ ᠲᠤᠬᠠᠢ | ᠠᠰᠠᠭᠤᠯᠳᠠ ᠪᠠᠶᠢᠵᠤ᠂ ᠬᠠᠮᠲᠤ ᠰᠤᠷᠤᠭᠴᠢᠳ ᠭᠠᠷ ᠡᠷᠭᠦᠨ ᠬᠠᠷᠢᠭᠤᠯᠵᠤ᠂ ᠲᠤᠬᠠᠢ ᠶᠢᠨ ᠲᠠᠯᠠᠪᠠᠢ ᠶᠢᠨ ᠠᠭᠤᠷ | ᠠᠮᠢᠰᠬᠤᠯ ᠲᠤᠶᠢᠯ ᠤᠨ ᠬᠦᠷ ᠬᠥᠭᠵᠢᠶᠡᠨ ᠲᠠᠢ ᠪᠠᠶᠢᠯ᠎ᠠ᠃ | | | | ᠵᠣᠬᠢᠶᠠᠭᠴᠢ᠄ ᠵᠠᠩ ᠿᠢ ᠵᠢᠤᠸᠠᠨ ᠷᠧᠨ ᠬᠠᠢ ᠶᠠᠨ ᠵᠠᠩ ᠬᠤᠩ ᠢᠦᠢ ᠸᠠᠩ ᠰᠢᠶᠣᠣ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |