| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠵᠡᠷᠭᠡ ᠳᠥᠷᠪᠡᠨ | ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠪᠥᠬᠦ ᠣᠷᠣᠨ ᠤ ᠣᠷᠣᠰᠢᠭᠤᠯᠭ᠎ᠠ ᠶᠢᠨ | ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠠᠵᠢᠯᠯᠠᠭ᠎ᠠ ᠶᠢᠨ ᠲᠥᠰᠥᠯ︾ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ | ᠹᠧᠩᠵᠧᠨ ᠬᠤᠲᠠ ᠶᠢᠨ ᠣᠷᠣᠰᠢᠭᠤᠯᠭ᠎ᠠ ᠶᠢᠨ ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ | ᠠᠰᠠᠭᠤᠳᠠᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠦᠪᠡᠭᠴᠢ ᠶᠢ ᠪᠥᠬᠦ ᠲᠠᠯ᠎ᠠ ᠪᠠᠷ | ᠴᠤᠭᠯᠠᠭᠤᠯᠤᠨ ᠡᠵᠡᠮᠰᠢᠵᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠬᠤ ᠶᠢᠨ ᠲᠤᠰᠠᠳᠠ᠂ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠥᠨᠥᠳᠥᠷ ᠠᠴᠠ ᠡᠬᠢᠯᠡᠨ᠂ ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠠᠷᠢᠶ᠎ᠠ | ᠣᠷᠣᠨ ᠤ ᠣᠯᠠᠨ ᠲᠦᠮᠡᠨ ᠤ ᠲᠤᠰᠬᠠᠭᠰᠠᠨ ᠣᠷᠣᠰᠢᠭᠤᠯᠭ᠎ᠠ ᠶᠢᠨ ᠬᠦᠷᠢᠶᠡᠨ ᠳᠠᠬᠢ ᠦᠢᠯᠡᠴᠢᠯᠡᠭᠡᠨ ᠤ ᠪᠠᠶᠢᠭᠤᠯᠤᠮᠵᠢ | ᠶᠢᠨ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠵᠡᠷᠭᠡ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠤᠨ | ᠲᠤᠬᠠᠢ ᠵᠠᠬᠢᠳᠠᠯ ᠰᠣᠷᠪᠤᠯᠵᠢᠯᠠᠭ᠎ᠠ ᠪᠤᠶᠤ ᠰᠦᠪᠡᠭᠴᠢ ᠶᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ | ᠰᠢᠢᠳᠪᠦᠷᠢᠯᠡᠨ᠎ᠡ᠃ | ᠹᠧᠩᠵᠧᠨ ᠬᠤᠲᠠ ᠶᠢᠨ ᠬᠠᠷᠢᠶ᠎ᠠ ᠲᠣᠭᠤᠷᠢᠭ ᠤᠨ ᠣᠯᠠᠨ ᠲᠦᠮᠡᠨ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶ᠎ᠠ ᠳᠤ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠢᠳᠡᠪᠬᠢᠲᠡᠢ ᠪᠠᠷ ᠬᠠᠩᠭᠠᠬᠤ ᠶᠢ ᠬᠦᠰᠡᠵᠦ | ᠪᠠᠶᠢᠨ᠎ᠠ᠂ ᠪᠢᠳᠡ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ | ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ | | ᠢᠯᠡᠴᠢᠯᠡᠨ ᠮᠡᠳᠡᠭᠦᠯᠬᠦ ᠬᠡᠯᠪᠡᠷᠢ᠄ | ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠵᠠᠬᠢᠳᠠᠯ ᠢᠯᠡᠭᠡᠭᠡᠷᠡᠢ︕ | ᠢᠯᠡᠴᠢᠯᠡᠨ ᠮᠡᠳᠡᠭᠦᠯᠬᠦ ᠤᠲᠠᠰᠤ᠄ | ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ | 0474 ︱ 8321026 | ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ | 0474 ︱ 3204549᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |