| —— ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ ᠥᠪᠥᠷ | ᠮᠣᠩᠭᠤᠯ ᠤᠨ ᠲᠣᠪᠴᠢᠶ᠎ᠠ ᠶᠢᠨ 170 ᠭᠠᠵᠠᠷ᠄ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ ᠠᠵᠢᠯ ᠲᠥᠷᠥᠯ ᠤᠨ ᠬᠡᠪ ᠳᠠᠭᠤᠷᠢᠶᠠᠯ ᠢ ᠪᠣᠶ ᠪᠣᠯᠭᠠᠨ᠎ᠠ | | ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ ᠥᠪᠥᠷ ᠮᠣᠩᠭᠤᠯ ᠤᠨ | ᠲᠣᠪᠴᠢᠶ᠎ᠠ ᠶᠢᠨ 170 ᠭᠠᠵᠠᠷ ᠤᠨ ᠬᠢᠨ ᠡᠳᠦᠷ ᠲᠤᠲᠤᠮ ᠤᠨ ᠠᠵᠢᠯ ᠤᠨ ᠳᠤᠮᠳᠠ ᠪᠠᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠢᠮᠠᠭᠲᠠ ᠨᠢᠭᠡᠴᠡ ᠶᠢᠨ ᠬᠥᠭᠵᠢᠯᠲᠡ ᠶᠢᠨ ᠰᠠᠭᠤᠷᠢ ᠪᠣᠯᠭᠠᠵᠤ᠂ ᠴᠢᠩᠭ᠎ᠠ ᠬᠠᠮᠢᠶᠠᠷᠤᠯᠲᠠ ᠪᠠ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠨᠥᠭᠡᠴᠡᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ | ᠪᠠᠶᠢᠨ᠎ᠠ᠃ | | 170 ᠭᠠᠵᠠᠷ ᠲᠤ ︽ᠦᠨᠡᠨᠴᠢ ᠢᠲᠡᠭᠡᠮᠵᠢ ᠪᠠᠷ ᠦᠨᠳᠦᠰᠦ ᠪᠣᠯᠭᠠᠵᠤ᠂ ᠨᠡᠶᠢᠭᠡᠮ ᠳᠤ ᠦᠢᠯᠡᠴᠢᠯᠡᠬᠦ︾ | ᠡᠵᠡᠩᠨᠡᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠵᠠᠩᠭᠢᠯᠠᠭ᠎ᠠ ᠳᠤ | ᠨᠢᠭᠲᠠ ᠴᠢᠩᠭ᠎ᠠ ᠦᠨᠡᠨᠴᠢ ᠢᠲᠡᠭᠡᠮᠵᠢ ᠶᠢᠨ ᠳᠦᠷᠢᠮ ᠢ ᠪᠠᠶᠢᠭᠤᠯᠪᠠ᠃ ᠠᠵᠢᠯ ᠤᠨ ᠳᠤᠮᠳᠠ ᠪᠠᠨ᠂ 170 | ᠭᠠᠵᠠᠷ ᠤᠨ ᠬᠢᠨ ᠬᠠᠮᠢᠶᠠᠷᠤᠯᠲᠠ ᠶᠢᠨ ᠶᠠᠪᠤᠴᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠱᠠᠲᠤ ᠱᠠᠲᠤ ᠪᠠᠷ ᠪᠣᠭᠤᠮᠲᠠ ᠶᠢ ᠠᠳᠬᠤᠵᠤ᠂ ᠪᠣᠳᠠᠲᠤ | ᠠᠵᠢᠯᠯᠠᠭ᠎ᠠ ᠪᠠᠷ ᠢᠶᠠᠨ ︽ᠲᠤᠭ᠎ᠠ ᠬᠡᠮᠵᠢᠶ᠎ᠡ ᠨᠢ ᠦᠨᠡᠨ ᠪᠣᠳᠠᠲᠠᠢ᠂ ᠶᠠᠰᠤ ᠴᠢᠨᠠᠷ ᠨᠢ ᠬᠢᠷᠢ ᠲᠡᠩᠴᠡᠭᠰᠡᠨ᠂ | ᠬᠠᠮᠢᠶᠠᠷᠤᠯᠲᠠ ᠨᠢ ᠵᠢᠷᠤᠮᠵᠢᠭᠰᠠᠨ︾ ᠪᠠᠶᠢᠬᠤ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠶᠠᠰᠤ ᠴᠢᠨᠠᠷ ᠪᠠ ᠲᠤᠭ᠎ᠠ | ᠬᠡᠮᠵᠢᠶ᠎ᠡ ᠶᠢᠨ ᠳᠠᠪᠬᠤᠷ ᠪᠠᠲᠤᠯᠠᠭ᠎ᠠ ᠶᠢ ᠦᠨᠡᠨᠬᠦ ᠪᠠᠲᠤᠯᠠᠪᠠ᠃ | | 170 ᠭᠠᠵᠠᠷ ᠤᠨ ᠬᠢᠨ ᠦᠨᠡᠨᠴᠢ ᠢᠲᠡᠭᠡᠮᠵᠢᠲᠡᠢ ᠪᠠᠷ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ | ᠠᠬᠢᠭᠤᠯᠬᠤ ᠬᠥᠭᠵᠢᠯᠲᠡ ᠶᠢᠨ ᠰᠡᠳᠬᠢᠴᠡ ᠶᠢ ᠢᠮᠠᠭᠲᠠ ᠪᠠᠷᠢᠮᠲᠠᠯᠠᠭᠰᠠᠭᠠᠷ ᠢᠷᠡᠪᠡ᠃ ᠠᠵᠢᠯᠲᠠᠨ ᠠᠵᠢᠯᠴᠢᠨ ᠤ | ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠪᠣᠯᠪᠠᠰᠤᠷᠠᠭᠤᠯᠤᠯ ᠪᠠ | ᠳᠦᠷᠢᠮ ᠤᠨ ᠪᠠᠶᠢᠭᠤᠯᠤᠯᠲᠠ ᠪᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠰᠣᠶᠣᠯ ᠢ ᠠᠵᠢᠯᠲᠠᠨ ᠠᠵᠢᠯᠴᠢᠨ | ᠨᠢᠭᠡᠪᠦᠷᠢ ᠶᠢᠨ ᠰᠡᠳᠬᠢᠯ ᠳᠤ ᠭᠦᠨ ᠬᠠᠳᠠᠩᠰᠢᠭᠤᠯᠵᠤ᠂ ᠡᠳᠦᠷ ᠲᠤᠲᠤᠮ ᠤᠨ ᠠᠵᠢᠯ ᠳᠤ ᠠᠭᠤᠰᠬᠠᠵᠤ᠂ ᠬᠥᠮᠥᠨ | ᠪᠦᠬᠦᠨ ᠢᠲᠡᠭᠡᠯ ᠲᠠᠢ᠂ ᠭᠠᠵᠠᠷ ᠪᠣᠯᠭᠠᠨ ᠳᠤ ᠦᠨᠡᠨᠴᠢ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠤᠯᠭᠠᠨ᠎ᠠ᠃ | | | | | ᠵᠣᠬᠢᠶᠠᠭᠴᠢ᠄ ᠸᠠᠩ ᠨᠢᠩ ᠪᠥᠸᠧ ᠸᠠᠩ ᠰᠢᠶᠣᠣ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |